| | | ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠣᠭᠤᠷᠢᠭ ᠤᠨ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ | ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠪᠠᠰᠠ | ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠥᠢᠯ ᠤᠨ ᠠᠵᠢᠯ ᠤᠨ ᠭᠤᠤᠯ ᠰᠢᠵᠢᠮ ᠮᠥᠨ︾᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠪᠠ ᠥᠢᠯᠡᠳᠥᠯᠭᠡ ᠶᠢᠨ ᠱᠠᠭᠠᠷᠳᠠᠯᠭ᠎ᠠ᠂ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠬᠢᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠠᠲᠤ ᠴᠣᠭᠴᠠᠯᠠᠬᠤ ᠵᠡᠷᠭᠡ | ᠲᠠᠯ᠎ᠠ ᠶᠢᠨ ᠲᠣᠭᠤᠷᠢᠨ ᠳᠤ᠂ ᠣᠯᠠᠨ ᠬᠠᠷᠠᠭᠠᠰᠤ᠂ ᠣᠯᠠᠨ ᠲᠠᠰ ᠳᠠᠪᠬᠤᠷᠭ᠎ᠠ᠂ ᠣᠯᠠᠨ ᠲᠠᠯ᠎ᠠ ᠠᠴᠠ ᠭᠦᠨᠵᠡᠭᠡᠶ | ᠲᠠᠶᠢᠯᠤᠮᠵᠢ ᠬᠢᠬᠦ ᠪᠠᠷ ᠳᠠᠮᠵᠢᠭᠤᠯᠤᠨ᠂ ᠪᠥᠬᠦ ᠺᠠᠳ᠋ᠷ ᠴᠠᠭᠳᠠᠭ᠎ᠠ ᠶᠢ ᠬᠥᠲᠥᠯᠥᠨ ᠵᠢᠯᠣᠭᠤᠳᠴᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠭᠦᠨᠵᠡᠭᠡᠶ ᠠᠭᠤᠯᠤᠭᠳᠠᠬᠤᠨ ᠢ | ᠣᠶᠢᠯᠠᠭᠠᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠤᠨ ᠤᠶᠤᠨ ᠰᠠᠨᠠᠭᠠᠨ ᠳᠤ | ᠬᠠᠳᠠᠩᠰᠢᠨ᠂ ᠭᠥᠨᠵᠡᠭᠡᠶᠢᠷᠡᠨ ᠪᠣᠲᠠᠲᠠᠶᠢᠵᠢᠬᠤ ᠶᠢ ᠠᠬᠢᠭᠤᠯᠪᠠ᠃ | ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠳᠠᠮᠵᠢᠨ᠂ ᠺᠠᠳ᠋ᠷ ᠴᠠᠭᠳᠠᠭ᠎ᠠ ᠨᠠᠷ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠨᠠᠩ | ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ ᠪᠣᠯᠵᠠᠶ᠃ ᠣᠯᠠᠨ ᠢᠶᠠᠷ ᠢᠶᠠᠨ᠂ ᠰᠣᠷᠣᠭᠰᠠᠨ ᠮᠡᠳᠡᠯᠭᠡ ᠪᠠ | ᠣᠶᠢᠯᠠᠭᠠᠭᠳᠠᠬᠤᠨ ᠢᠶᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ | ᠬᠠᠮᠠᠭᠠᠯᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ | ᠡᠷᠭᠦᠨ᠎ᠡ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠢᠷᠢᠰ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ᠨᠠᠮ ᠤᠨ ᠦᠨᠳᠦᠰᠦᠲᠡᠨ ᠤ | ᠤᠨᠤᠯ ᠲᠦᠷᠦ ᠶᠢᠨ ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠬᠤ ᠨᠤᠷᠮ᠎ᠠ ᠪᠠ | ᠣᠷᠣᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ᠃ | |