2 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ | 2025 ᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠰᠢᠶᠧ | ᠶᠦᠨ ᠰᠥᠩ᠂ ᠯᠢ ᠽᠦᠩ ᠮᠧᠩ᠂ ᠶᠢᠨ ᠮᠢᠩ᠂ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ | ᠣᠷᠣᠯᠴᠠᠪᠠ᠃ | ᠬᠤᠷᠠᠯ ᠠᠴᠠ ︽ᠶᠤᠸᠠᠨ ᠪᠦᠦ ᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ | ᠳᠡᠮᠵᠢᠬᠦ ᠨᠥᠬᠦᠪᠥᠷᠢ ᠥᠭᠭᠦ ᠠᠷᠭ᠎ᠠ ︵ᠶᠠᠷᠢᠯᠴᠠᠬᠤ ᠨᠤᠤᠷᠠᠭ︶︾ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠵᠣᠯᠭᠠᠭᠤᠯᠬᠤ | ᠨᠥᠬᠦᠪᠥᠷᠢ ᠪᠡᠯᠡ ᠮᠥᠩᠭᠦ ᠶᠢᠨ ᠬᠤᠪᠢᠶᠠᠷᠢᠯᠠᠯᠲᠠ ᠵᠢᠴᠢ ᠲᠦᠷᠦᠯ ᠵᠦᠢᠯ ᠢ ᠲᠥᠯᠥᠪᠯᠡᠨ ᠬᠡᠷᠡᠭᠵᠢᠭᠦᠯᠬᠦ᠂ | ᠫᠢᠩᠵᠤᠸᠠᠩ ᠬᠤᠳᠠ ᠶᠢᠨ ᠲᠣᠭᠤᠷᠢᠭ ᠤᠨ ᠬᠠᠳᠤᠨ ᠭᠤᠣᠯ ᠵᠡᠭᠡᠯᠢ ᠵᠢᠴᠢ ᠳᠣᠲᠣᠭᠠᠳᠤ ᠲᠣᠭᠤᠷᠢᠯ ᠵᠡᠭᠦᠨ ᠵᠠᠮ ᠤᠨ | ᠬᠤᠭᠤᠯᠠᠢ ᠶᠢᠨ ᠲᠣᠣᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ᠂ ᠬᠤᠩ ᠶᠤᠸᠠᠨ ᠶᠡᠭᠡ | ᠵᠠᠮ ᠪᠣᠯᠤᠨ ᠤᠯᠠᠭᠠᠨᠬᠠᠳᠠ ᠴᠣᠣᠶᠠᠩ ᠲᠦᠷᠭᠡᠨ ᠵᠠᠮ ᠤᠨ ᠫᠢᠩᠵᠤᠸᠠᠩ ᠠᠮᠠᠰᠠᠷ ᠤᠨ ᠨᠣᠭᠤᠭᠠᠷᠠᠭᠤᠯᠤᠯᠲᠠ ᠶᠢᠨ | ᠢᠨᠵᠧᠨᠧᠷᠢᠩ ᠤᠨ ᠠᠷᠠᠴᠢᠯᠠᠨ ᠪᠤᠶᠢᠵᠢᠭᠤᠯᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠬᠤᠯᠪᠣᠭᠳᠠᠯ | ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠪᠠᠯᠭᠠᠰᠤ ᠰᠢᠶᠠᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠬᠦᠭᠡᠷᠦᠮᠵᠢᠲᠦ | ᠲᠠᠷᠢᠶᠠᠯᠠᠩ ᠤᠨ ᠬᠥᠭᠵᠢᠯᠲᠡ ᠶᠢ ᠳᠡᠮᠵᠢᠬᠦ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ | ᠬᠡᠷᠡᠭᠯᠡᠵᠦ᠂ ᠲᠦᠷᠦᠯ ᠵᠦᠢᠯ ᠤᠨ ᠲᠥᠯᠥᠪᠵᠢᠭᠦᠯᠭᠡ᠂ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ᠂ ᠲᠦᠷᠦᠯ ᠵᠦᠢᠯ ᠢ | ᠡᠷᠡᠮᠡᠯᠵᠡᠯᠡᠨ ᠮᠡᠳᠡᠭᠦᠯᠵᠦ ᠪᠦᠳᠦᠭᠡᠨ ᠪᠠᠶᠢᠭᠤᠯᠬᠤ ᠪᠣᠯᠤᠨ ᠰᠢᠯᠭᠠᠨ ᠠᠪᠬᠤ ᠵᠡᠷᠭᠡ ᠭᠤᠭᠴᠤᠭ᠎ᠠ ᠶᠢ ᠴᠢᠩᠳᠠᠯᠠᠵᠤ᠂ | ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠤᠳᠤ ᠦᠶ᠎ᠡ ᠶᠢᠨ ᠲᠦᠬᠦᠭᠡᠷᠦᠮᠵᠢᠲᠦ | ᠲᠠᠷᠢᠶᠠᠯᠠᠩ ᠤᠨ ᠰᠢᠨ᠎ᠡ ᠪᠠᠶᠢᠷᠢᠰᠢᠯ ᠢ ᠲᠦᠷᠭᠡᠨ ᠪᠠᠶᠢᠭᠤᠯᠬᠤ ᠬᠡᠷᠡᠭᠲᠡᠢ᠃ ᠵᠣᠯᠭᠠᠭᠤᠯᠬᠤ ᠪᠡᠯᠡ ᠮᠥᠩᠭᠦ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠳᠤᠮᠳᠠᠬᠢ ᠴᠢᠬᠤᠯᠠ ᠦᠢᠯᠡᠳᠦᠯ ᠢ | ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠤᠨ ᠠᠯᠢ ᠲᠦᠷᠭᠡᠨ ᠢᠶᠠᠷ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠲᠠᠷᠢᠶᠠᠴᠢᠳ ᠤᠨ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ᠂ ᠪᠦᠬᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ | ᠃ ᠬᠦᠷᠢᠶᠡᠯᠡᠩ ᠲᠣᠭᠤᠷᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠭᠠᠵᠠᠷ ᠬᠡᠷᠡᠭᠯᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠳᠤ ᠪᠠᠲᠤ ᠪᠠᠬᠢ ᠪᠠᠲᠤᠯᠠᠭ᠎ᠠ | ᠬᠠᠩᠭᠠᠬᠤ ᠬᠡᠷᠡᠭᠲᠡᠢ᠃ ᠵᠠᠮ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ | ᠠᠬᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠪᠰᠢᠨ ᠢ | ᠪᠦᠲᠦᠮᠵᠢᠲᠡᠢ ᠳᠡᠭᠡᠭᠰᠢᠯᠡᠭᠦᠯᠵᠦ᠂ ᠶᠠᠪᠤᠵᠤ ᠰᠠᠭᠤᠬᠤ ᠳᠤ ᠳᠥᠭᠦᠮ ᠳᠥᠲᠡ ᠰᠠᠭᠠᠳ ᠦᠭᠡᠢ ᠨᠡᠪᠲᠡᠷᠡᠬᠦ ᠣᠷᠴᠢᠨ | ᠲᠣᠭᠤᠷᠢᠨ ᠢ ᠪᠠᠶᠢᠭᠤᠯᠬᠤ ᠬᠡᠷᠡᠭᠲᠡᠢ᠃ ᠵᠠᠰᠠᠮᠠᠯ ᠵᠠᠮ ᠤᠨ ᠨᠣᠭᠤᠭᠠᠷᠠᠭᠤᠯᠵᠤ ᠠᠷᠠᠴᠢᠯᠠᠨ ᠪᠤᠶᠢᠵᠢᠭᠤᠯᠬᠤ | ᠬᠠᠮᠢᠶᠠᠷᠤᠯᠲᠠ ᠶᠢ ᠴᠢᠨᠠᠷᠵᠢᠭᠤᠯᠵᠤ᠂ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ | ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠣᠳᠤᠯᠪᠠ᠃ | |