ᠣᠶᠢᠷ᠎ᠠ ᠶᠢᠨ ᠡᠳᠦᠷ᠂ ᠫᠢᠩᠵᠤᠸᠠᠩ ᠤᠨ ᠬᠤᠲᠠ ᠶᠢᠨ ᠲᠣᠭᠤᠷᠢᠭ ᠵᠡᠭᠡᠯᠢ ᠭᠤᠳᠤᠮᠵᠢ ᠶᠢᠨ ᠵᠢᠨᠱᠠᠨ ᠨᠡᠶᠢᠭᠡᠮ | ᠲᠣᠭᠤᠷᠢᠭ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠭᠦᠨᠵᠡᠭᠡᠢᠷᠡᠨ ᠪᠣᠳᠠᠲᠠᠢᠵᠢᠬᠤ ᠶᠢ ᠠᠬᠢᠭᠤᠯᠵᠤ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠬᠥᠳᠡᠯᠥᠯᠴᠡᠨ ᠢᠳᠡᠪᠬᠢᠲᠡᠢ ᠣᠷᠣᠯᠴᠠᠵᠤ᠂ ᠡᠶ᠎ᠡ ᠵᠤᠬᠢᠴᠠᠯᠲᠤ ᠨᠡᠶᠢᠭᠡᠮ ᠢ | ᠬᠠᠮᠲᠤᠪᠠᠷ ᠪᠦᠲᠦᠭᠡᠨ ᠪᠠᠶᠢᠭᠤᠯᠬᠤ ᠶᠢ ᠤᠷᠢᠶᠠᠯᠠᠪᠠ᠃ | | | | ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ︽ᠱᠠᠯᠢᠭ ᠵᠠᠪᠬᠠᠶ | ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠰᠠᠭᠤᠭᠠᠯᠢ ᠠᠷᠠᠳ ᠲᠤ ᠱᠠᠯᠢᠭ ᠵᠠᠪᠬᠠᠶ ᠪᠣᠳᠠᠰ ᠤᠨ ᠬᠤᠤᠷ ᠬᠥᠨᠥᠭᠡᠯᠲᠦ ᠴᠢᠨᠠᠷ ᠢ ᠣᠶᠢᠯᠠᠭᠠᠭᠤᠯᠤᠨ᠂ | ᠰᠠᠭᠤᠭᠠᠯᠢ ᠠᠷᠠᠳ ᠤᠨ ᠵᠥᠪ ᠣᠨᠣᠪᠴᠢᠲᠠᠶ ᠦᠵᠡᠯ ᠰᠠᠨᠠᠭ᠎ᠠ ᠣᠶᠢᠯᠠᠭᠠᠭᠳᠠᠬᠤᠨ ᠢ ᠪᠣᠶ ᠪᠣᠯᠭᠠᠵᠤ᠂ ᠡᠷᠡᠭᠦᠯ | ᠪᠣᠯᠪᠠᠰᠤᠨ ᠠᠮᠢᠳᠤᠷᠠᠨ᠂ ᠰᠣᠶᠣᠯ ᠤᠨ ᠬᠤᠭ ᠨᠣᠪᠰᠢ ᠠᠴᠠ ᠵᠠᠶᠢᠳᠠᠵᠤ᠂ ᠰᠠᠶᠢᠨ ᠰᠠᠶᠢᠬᠠᠨ ᠨᠡᠶᠢᠭᠡᠮ ᠤᠨ ᠠᠭᠤᠷ | ᠠᠮᠢᠰᠬᠤᠯ ᠢ ᠪᠣᠶ ᠪᠣᠯᠭᠠᠬᠤ ᠶᠢ ᠬᠥᠲᠥᠯᠥᠨ ᠵᠢᠯᠣᠭᠤᠳᠪᠠ᠃ ᠨᠡᠶᠢᠭᠡᠮ ᠲᠣᠭᠤᠷᠢᠭ ᠤᠨ ᠲᠣᠣᠷᠵᠢᠭᠤᠯᠤᠭᠰᠠᠨ | ᠬᠠᠮᠢᠶᠠᠷᠤᠯᠲᠠ ᠶᠢᠨ ᠠᠵᠢᠯᠲᠠᠳ ᠪᠠᠰᠠ ᠬᠠᠷᠢᠶ᠎ᠠ ᠣᠷᠣᠨ ᠤ ᠳᠣᠲᠣᠷᠠᠬᠢ ᠬᠡᠪᠯᠡᠯ ᠤᠨ ᠡᠵᠡᠩᠨᠡᠯᠲᠡ ᠶᠢᠨ ᠲᠠᠯᠠᠪᠤᠷ | ᠭᠠᠵᠠᠷ ᠢᠶᠠᠷ ᠲᠣᠭᠤᠷᠢᠨ ᠥᠵᠡᠵᠥ᠂ ᠬᠠᠤᠯᠢ ᠪᠤᠰᠤ ᠬᠡᠪᠯᠡᠭᠳᠡᠬᠦᠨ ᠪᠠ ᠬᠤᠤᠷ ᠬᠥᠨᠥᠭᠡᠯ ᠲᠠᠢ ᠮᠡᠳᠡᠭᠡ ᠵᠠᠩᠭᠢ | ᠪᠠᠶᠢᠬᠤ ᠡᠰᠡᠭᠦ ᠶᠢ ᠪᠠᠶᠢᠴᠠᠭᠠᠨ ᠥᠵᠡᠭᠰᠡᠨ ᠪᠥᠭᠡᠳ ᠡᠵᠡᠩᠨᠡᠭᠴᠢᠳ ᠲᠤ ︽ᠱᠠᠯᠢᠭ ᠵᠠᠪᠬᠠᠶ ᠵᠦᠢᠯᠡᠰ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ | ᠡᠵᠡᠩᠨᠡᠭᠴᠢᠳ ᠤᠨ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠵᠤ᠂ ᠬᠠᠮᠢᠶ᠎ᠠ ᠪᠥᠬᠦᠶ ᠠᠰᠠᠭᠤᠳᠠᠯ ᠢ ᠡᠬᠢ | ᠡᠭᠦᠰᠦᠯ ᠠᠴᠠ ᠨᠢ ᠢᠯᠡᠷᠡᠭᠦᠯᠵᠦ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠪᠠ᠃ | | | | ᠲᠣᠰ ᠤᠳᠠᠭᠠᠨ ᠤ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ | ᠥᠭᠬᠦ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠥᠭᠰᠡᠨ ᠨᠢ᠂ ᠣᠯᠠᠨ ᠲᠦᠮᠡᠨ ᠤ ᠡᠷᠬᠡ ᠳᠤ ᠬᠠᠯᠳᠠᠵᠤ | ᠬᠤᠯᠠᠭᠠᠶᠢᠯᠠᠨ ᠬᠡᠪᠯᠡᠭᠰᠡᠨ ᠵᠡᠷᠭᠡ ᠬᠠᠤᠯᠢ ᠪᠤᠰᠤ ᠬᠡᠪᠯᠡᠭᠳᠡᠬᠦᠨ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ | ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠬᠤᠳᠠᠯᠳᠤᠭᠠᠴᠢᠨ ᠡᠷᠦᠬᠡ ᠶᠢᠨ ᠰᠠᠬᠢᠯᠭ᠎ᠠ ᠪᠠᠲᠤ ᠶᠢ ᠵᠢᠷᠤᠮᠯᠠᠨ | ᠬᠠᠤᠯᠢ ᠴᠠᠭᠠᠵᠠ ᠶᠢ ᠰᠠᠬᠢᠬᠤ ᠶᠢ ᠴᠢᠩᠭᠠᠳᠬᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠬᠠᠮᠲᠤ ᠪᠠᠷ ᠡᠷᠡᠭᠦᠯ ᠰᠠᠷᠠᠭᠤᠯ ᠨᠡᠶᠢᠭᠡᠮ ᠰᠣᠶᠣᠯ ᠤᠨ ᠣᠷᠴᠢᠨ ᠲᠣᠭᠤᠷᠢᠨ ᠢ ᠪᠣᠢ | ᠪᠣᠯᠭᠠᠬᠤ ᠶᠢ ᠬᠥᠲᠥᠯᠥᠨ ᠵᠢᠯᠥᠭᠤᠳᠪᠠ᠃ | |