ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶᠠᠨ ᠤ ︽ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠲᠥᠷᠥᠯ ᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠤᠨ ᠪᠠᠶᠢᠭᠤᠯᠤᠯᠲᠠ᠂ ᠠᠵᠢᠯᠯᠠᠭᠠᠨ᠂ ᠦᠢᠯᠡᠴᠢᠯᠡᠭᠡ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ | ᠠᠵᠢᠯᠯᠠᠭ᠎ᠠ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ | ᠤᠯᠤᠰ ᠠᠴᠠ ᠠᠰᠲᠠᠭᠠᠨ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠣᠯᠠᠨ | ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠨᠡᠶᠢᠲᠡ ᠶᠢᠨ | ᠥᠮᠴᠢᠯᠡᠯᠲᠦ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠬᠢ ᠪᠠᠶᠠᠯᠢᠭ ᠤᠨ ᠠᠷᠠᠯᠵᠢᠶᠠᠨ ᠤ | ᠠᠵᠢᠯᠯᠠᠭ᠎ᠠ ᠶᠢ ᠵᠢᠭᠠᠵᠤ ᠪᠤᠶ᠃ | ᠲᠣᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ | ᠭᠡᠳᠡᠭ ᠨᠢ ᠨᠢᠭᠡᠳᠦᠯᠲᠡᠶ ᠲᠦᠷᠢᠮ ᠪᠠ ᠪᠠᠷᠢᠮᠵᠢᠶ᠎ᠠ ᠶᠢ ᠬᠡᠷᠡᠭᠵᠢᠭᠦᠯᠵᠦ᠂ ᠨᠡᠭᠡᠭᠡᠯᠲᠡ ᠲᠠᠢ ᠪᠦᠭᠡᠳ ᠬᠠᠮᠲᠤ ᠳᠤ ᠪᠠᠨ | ᠬᠦᠷᠲᠡᠬᠦ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠡᠯᠧᠺᠲᠷᠣᠨ ᠦᠢᠯᠡᠴᠢᠯᠡᠭᠡᠨ ᠤ ᠰᠢᠰᠲ᠋ᠧᠮ ᠪᠠ | ᠵᠢᠷᠤᠮᠵᠢᠭᠤᠨ ᠢᠯᠡ ᠲᠣᠳᠣ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ᠂ ᠵᠠᠬ᠎ᠠ ᠳᠡᠯᠭᠡᠭᠦᠷ ᠤᠨ ᠭᠤᠤᠯ | ᠴᠣᠭᠴᠠ᠂ ᠨᠡᠶᠢᠭᠡᠮ ᠨᠡᠶᠢᠲᠡ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠵᠡᠷᠭᠡ ᠳᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠬᠤ ᠲᠣᠭᠲᠠᠯᠴᠠᠭ᠎ᠠ ᠶᠢ | ᠵᠢᠭᠠᠵᠤ ᠪᠣᠶ᠃ | ᠭᠤᠷᠪᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠢᠭᠡᠳᠦᠯᠲᠡᠢ | ᠵᠢᠷᠤᠮᠵᠢᠭᠤᠨ᠂ ᠡᠷᠬᠡ ᠲᠡᠭᠰᠢ ᠲᠥᠪ ᠭᠤᠣᠯᠴᠢ᠂ ᠢᠯᠡ ᠲᠣᠳᠣ ᠪᠠᠶᠢᠯᠭᠠᠬᠤ᠂ ᠦᠢᠯᠡᠴᠢᠯᠡᠭᠡ ᠥᠨᠳᠥᠷ | ᠪᠦᠲᠦᠮᠵᠢᠲᠡᠢ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ | ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠳᠤᠮᠳᠠᠬᠢ ᠴᠢᠬᠤᠯᠠ ᠵᠦᠢᠯᠡᠰ ᠪᠠ ᠴᠢᠬᠤᠯᠠ ᠶᠡᠭᠡ | ᠠᠰᠠᠭᠤᠳᠠᠯ ᠢ ᠰᠤᠳᠤᠯᠵᠤ᠂ ᠵᠢᠯᠣᠭᠤᠳᠬᠤ ᠪᠠ ᠵᠣᠬᠢᠴᠠᠭᠤᠯᠬᠤ ᠬᠡᠷᠡᠭᠲᠡᠶ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠶᠢᠮᠠᠭ ᠤᠨ | ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠣᠳᠣᠷᠬᠠᠶᠢᠯᠠᠬᠤ | ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠦᠷᠢᠮ ᠪᠠ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ | ᠨᠡᠶᠢᠳᠬᠡᠵᠦ ᠬᠠᠮᠲᠤ ᠳᠤ ᠪᠠᠨ ᠬᠦᠷᠲᠡᠬᠦ ᠶᠢ ᠵᠣᠬᠢᠴᠠᠭᠤᠯᠤᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠵᠤ ᠪᠠᠶᠢᠭᠠᠳ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ ᠬᠠᠮᠢᠶᠠᠷᠴᠤ᠂ ᠲᠤᠰ ᠱᠠᠲᠤᠨ ᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠬᠠᠮᠢᠶᠠᠷᠤᠨ᠎ᠠ᠃ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ | ᠮᠥᠴᠢᠷ ᠯᠦᠭᠡ ᠬᠠᠮᠲᠤᠷᠠᠨ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠲᠥᠯᠥᠪᠵᠢᠭᠦᠯᠦᠨ ᠵᠢᠯᠣᠭᠤᠳᠴᠤ᠂ ᠪᠦᠬᠦ ᠣᠷᠣᠨ ᠤ ᠡᠯ᠎ᠡ | ᠱᠠᠲᠤᠨ ᠤ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ | ᠠᠵᠢᠯᠯᠠᠭᠠᠨ ᠢ ᠵᠢᠯᠣᠭᠤᠳᠤᠨ᠎ᠠ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠬᠤᠳᠠᠯᠳᠤᠭᠠᠨ ᠤ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ | ᠮᠡᠨᠳᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠡᠨᠧᠷᠭᠢ᠂ ᠣᠶ ᠰᠢᠭᠤᠶ ᠪᠠ ᠨᠤᠲᠤᠭ ᠪᠡᠯᠴᠢᠭᠡᠷ᠂ ᠡᠮᠴᠢᠯᠡᠭᠡᠨ ᠤ ᠪᠠᠲᠤᠯᠠᠭ᠎ᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ | ᠮᠥᠴᠢᠷ᠂ ᠪᠠᠶᠢᠭᠤᠯᠤᠮᠵᠢ ᠨᠤᠭᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠠᠵᠢᠯ | ᠲᠥᠷᠥᠯ᠂ ᠲᠣᠰ ᠰᠢᠰᠲ᠋ᠧᠮ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠤ | ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠵᠠᠰᠠᠭ ᠵᠠᠬᠢᠷᠭᠠᠨ ᠤ ᠬᠢᠨᠠᠯᠲᠠ | ᠲᠠᠯᠪᠢᠯᠲᠠ ᠶᠢᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠲᠣᠳᠣᠷᠬᠠᠶ ᠦᠭᠡᠶ ᠪᠠᠶᠢᠪᠠᠯ᠂ ᠲᠥᠷᠥᠯ ᠵᠦᠢᠯ ᠤᠨ | ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠭᠦᠷᠭᠡ | ᠬᠠᠷᠢᠭᠤᠴᠠᠯᠭ᠎ᠠ ᠡᠷᠬᠡ ᠮᠡᠳᠡᠯ ᠢᠶᠠᠨ ᠦᠨᠳᠦᠰᠦᠯᠡᠨ ᠭᠦᠢᠴᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠷᠢᠯᠴᠠᠨ | ᠰᠠᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃ | ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ | ᠲᠤᠰ ᠱᠠᠲᠤᠨ ᠤ ᠪᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠠᠵᠢᠯᠯᠠᠭᠤᠯᠬᠤ ᠪᠠ | ᠬᠠᠮᠠᠭᠠᠯᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ | ᠦᠢᠯᠡᠴᠢᠯᠡᠭᠡᠨ ᠤ ᠳᠦᠷᠢᠮ ᠪᠠ ᠴᠤᠪᠤᠷᠠᠯ ᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠠᠵᠢᠯᠯᠠᠭ᠎ᠠ ᠳᠤ ᠦᠢᠯᠡᠴᠢᠯᠡᠭᠡᠨ ᠤ ᠪᠠᠷᠢᠮᠵᠢᠶ᠎ᠠ ᠳᠤ ᠨᠡᠶᠢᠴᠡᠭᠰᠡᠨ ᠠᠷᠠᠯᠵᠢᠶᠠᠨ ᠤ ᠲᠠᠯᠠᠪᠤᠷ ᠭᠠᠵᠠᠷ᠂ | ᠠᠷᠠᠯᠵᠢᠶᠠᠨ ᠤ ᠪᠡᠯᠡᠳᠬᠡᠮᠵᠢ ᠵᠢᠴᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠯᠠᠪᠯᠠᠭ᠎ᠠ᠂ ᠲᠠᠯᠠᠪᠤᠷ | ᠭᠠᠵᠠᠷ ᠤᠨ ᠬᠠᠮᠢᠶᠠᠷᠤᠯᠲᠠ᠂ ᠮᠡᠳᠡᠭᠡ ᠵᠠᠩᠭᠢ ᠨᠡᠶᠢᠲᠡᠯᠡᠬᠦ᠂ ᠲᠤᠰᠬᠠᠶ ᠮᠡᠷᠭᠡᠵᠢᠯᠲᠡᠨ ᠰᠤᠭᠤᠴᠢᠨ ᠠᠪᠬᠤ᠂ | ᠠᠷᠠᠯᠵᠢᠶᠠᠨ ᠤ ᠭᠡᠷᠡᠴᠢᠯᠡᠭᠡ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠦᠢᠯᠡᠴᠢᠯᠡᠭᠡ ᠬᠠᠩᠭᠠᠨ᠎ᠠ᠃ | ᠨᠠᠢᠮᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯ ᠲᠥᠷᠥᠯ ᠤᠨ ᠨᠡᠶᠢᠭᠡᠮᠯᠢᠭ | ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠵᠤ᠂ ᠥᠪᠡᠷ ᠢ ᠪᠠᠨ ᠱᠠᠭᠠᠷᠳᠠᠭᠰᠠᠨ | ᠬᠠᠮᠢᠶᠠᠷᠤᠯᠲᠠ ᠪᠠ ᠦᠢᠯᠡᠴᠢᠯᠡᠭᠡ ᠪᠠᠨ ᠴᠢᠩᠭᠠᠳᠬᠠᠨ᠂ ᠪᠦᠷᠢᠯᠳᠦᠬᠦᠨ ᠨᠢᠭᠡᠴᠢ ᠶᠢ ᠬᠦᠲᠦᠯᠦᠨ ᠵᠢᠯᠣᠭᠤᠳᠴᠤ | ᠪᠠᠶᠢᠭᠠᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠠᠵᠢᠯ ᠲᠥᠷᠥᠯ ᠤᠨ ᠵᠢᠷᠤᠮᠵᠢᠯ᠂ ᠠᠵᠢᠯ ᠮᠡᠷᠭᠡᠵᠢᠯ ᠤᠨ | ᠶᠣᠰᠣ ᠰᠤᠷᠲᠠᠬᠤᠨ ᠢ ᠵᠢᠷᠤᠮᠯᠠᠭᠤᠯᠵᠤ᠂ ᠭᠤᠣᠯᠴᠢ ᠥᠷᠢᠰᠦᠯᠳᠦᠭᠡᠨ ᠪᠠ ᠦᠨᠡᠨᠴᠢ ᠢᠲᠡᠭᠡᠮᠵᠢᠲᠡᠶ ᠡᠵᠡᠩᠨᠡᠯᠲᠡ ᠶᠢ | ᠠᠬᠢᠭᠤᠯᠬᠤ ᠬᠡᠷᠡᠭᠲᠡᠶ᠃ | ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠡᠯ᠎ᠡ ᠲᠥᠷᠥᠯ ᠤᠨ ᠥᠮᠴᠢᠯᠡᠯ ᠤᠨ ᠳᠦᠷᠢᠮ ᠪᠠ ᠠᠳᠠᠯᠢ | ᠪᠤᠰᠤ ᠭᠠᠵᠠᠷ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠬᠠᠤᠯᠢ ᠶᠣᠰᠣᠭᠠᠷ ᠡᠷᠬᠡ ᠲᠡᠭᠰᠢ ᠪᠠᠷ | ᠬᠠᠨᠳᠣᠵᠣ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠵᠦᠢ ᠵᠣᠬᠢᠰ ᠦᠭᠡᠶ ᠨᠥᠬᠦᠴᠡᠯ ᠪᠤᠶᠤ | ᠪᠦᠲᠦᠭᠡᠭᠳᠡᠭᠦᠨ ᠤ ᠭᠠᠷᠤᠯᠲᠠ ᠶᠢᠨ ᠭᠠᠵᠠᠷ ᠢᠷᠡᠯᠲᠡ ᠵᠡᠷᠭᠡ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠳᠤ ᠣᠷᠣᠯᠴᠠᠬᠤ ᠶᠢ ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ | ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ | ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠶ᠃ | ᠬᠤᠶᠠᠳᠤᠭᠠᠷ ᠪᠦᠯᠦᠭ ᠠᠷᠠᠯᠵᠢᠶᠠᠨ ᠤ ᠭᠠᠷᠴᠠᠭ | ᠠᠷᠪᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠳᠤ ᠪᠦᠬᠦ | ᠣᠷᠣᠨ ᠤ ᠨᠢᠭᠡᠳᠦᠯᠲᠡᠶ ᠭᠠᠷᠴᠠᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠣᠷᠣᠭᠤᠯᠬᠤ ᠶᠣᠰᠣᠲᠠᠶ ᠶᠢ ᠨᠢ ᠵᠠᠪᠠᠯ | ᠣᠷᠣᠭᠤᠯᠬᠤ ᠵᠠᠷᠴᠢᠮ ᠶᠣᠰᠣᠭᠠᠷ᠂ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠣᠬᠢᠷᠠᠭᠤᠯᠬᠤ ᠳᠤ ᠲᠣᠬᠢᠷᠠᠬᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠪᠠᠶᠢᠬᠤ ᠨᠢ ᠡᠭᠦᠨ ᠳᠤ ᠪᠠᠭᠲᠠᠬᠤ ᠦᠭᠡᠢ᠃ | ᠠᠷᠪᠠᠨ ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠠᠷᠴᠠᠭ ᠢ ᠥᠪᠡᠷᠲᠡᠭᠡᠨ | ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ | ᠬᠠᠮᠲᠤᠷᠠᠨ ᠪᠥᠬᠦ ᠤᠯᠤᠰ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠭᠠᠷᠴᠠᠭ ᠤᠨ ᠵᠢᠭᠠᠯᠲᠠ ᠶᠢ | ᠦᠨᠳᠦᠰᠦᠯᠡᠨ ᠲᠣᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠬᠠᠮᠲᠤᠷᠠᠭᠰᠠᠨ ᠬᠤᠷᠠᠯᠳᠤᠭᠠᠨ ᠢᠶᠠᠷ ᠬᠢᠨᠠᠨ ᠲᠣᠭᠲᠠᠭᠠᠭᠰᠠᠨ ᠤ ᠳᠠᠷᠠᠭ᠎ᠠ ᠨᠡᠶᠢᠭᠡᠮ ᠳᠤ | ᠨᠡᠶᠢᠲᠡᠯᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠠᠷᠪᠠᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ | ᠣᠷᠣᠭᠤᠯᠤᠭᠰᠠᠨ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ | ᠣᠷᠤᠭᠤᠯᠵᠤ ᠠᠷᠠᠯᠵᠢᠶᠠᠯᠠᠬᠤ ᠬᠡᠷᠡᠭᠲᠡᠶ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ | ᠵᠦᠢᠯ ᠤᠨ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠲᠤᠰ ᠠᠵᠢᠯ ᠲᠥᠷᠥᠯ᠂ ᠲᠤᠰ | ᠰᠢᠰᠲ᠋ᠧᠮ ᠤᠨ ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠤᠭᠤᠯᠤᠭᠰᠠᠨ ᠲᠥᠷᠥᠯ ᠵᠦᠢᠯ ᠢ ᠠᠷᠠᠯᠵᠢᠶᠠᠨ ᠤ | ᠲᠠᠪᠴᠠᠩ ᠳᠤ ᠣᠷᠤᠭᠤᠯᠤᠨ ᠠᠷᠠᠯᠵᠢᠶᠠᠯᠠᠬᠤ ᠶᠢ ᠰᠢᠮᠳᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ | ᠠᠷᠠᠯᠵᠢᠶᠠᠨ ᠤ ᠭᠠᠷᠴᠠᠭ ᠲᠤ ᠵᠢᠭᠰᠠᠭᠠᠨ ᠣᠷᠣᠭᠤᠯᠤᠭᠰᠠᠨ ᠦᠭᠡᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ | ᠣᠷᠤᠭᠤᠯᠵᠤ ᠠᠷᠠᠯᠵᠢᠶᠠᠯᠠᠬᠤ ᠶᠢ ᠵᠣᠷᠢᠭᠵᠢᠭᠤᠯᠤᠨ᠎ᠠ᠃ | ᠭᠤᠷᠪᠠᠳᠤᠭᠠᠷ ᠪᠦᠯᠦᠭ ᠠᠷᠠᠯᠵᠢᠶᠠᠨ ᠤ ᠲᠠᠪᠴᠠᠩ | ᠠᠷᠪᠠᠨ ᠭᠤᠷᠪᠠᠳᠤᠭᠠᠷ ᠵᠦᠢᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠨᠢᠭᠡ | ᠰᠦᠯᠵᠢᠶ᠎ᠡ ᠪᠠᠷ ᠠᠷᠠᠯᠵᠢᠶᠠᠯᠠᠬᠤ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠨᠢᠭᠡ ᠰᠦᠯᠵᠢᠶ᠎ᠡ ᠪᠠᠷ ᠠᠷᠠᠯᠵᠢᠶᠠᠯᠠᠬᠤ ᠰᠦᠯᠵᠢᠶᠡᠨ ᠥᠷᠲᠡᠭᠡ | ᠪᠠ ᠶᠡᠷᠦᠩᠬᠡᠶᠢᠯᠡᠭᠰᠡᠨ ᠦᠢᠯᠡᠴᠢᠯᠡᠭᠡ᠂ ᠶᠡᠷᠦᠩᠬᠡᠶᠢᠯᠡᠭᠰᠡᠨ ᠠᠷᠠᠯᠵᠢᠶ᠎ᠠ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ | ᠵᠡᠷᠭᠡ ᠴᠢᠳᠠᠮᠵᠢ ᠶᠢ ᠡᠭᠦᠷᠭᠡᠯᠡᠵᠦ᠂ ᠪᠥᠬᠦ ᠣᠷᠣᠨ ᠤ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠡᠬᠢ ᠪᠠᠶᠠᠯᠢᠭ ᠢ ᠨᠡᠶᠢᠳᠬᠡᠨ ᠬᠠᠮᠲᠤ ᠳᠤ ᠪᠠᠨ | ᠬᠦᠷᠲᠡᠵᠦ᠂ ᠭᠤᠯᠳᠤ ᠪᠠᠷ ᠤᠯᠤᠰ᠂ ᠠᠶᠢᠮᠠᠭ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠢ ᠨᠡᠪᠲᠡᠷᠡᠭᠦᠯᠵᠦ᠂ ᠬᠦᠨᠳᠡᠯᠡᠨ ᠢᠶᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ᠂ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠠᠬᠢ ᠬᠢᠨᠠᠨ ᠵᠥᠪᠰᠢᠶᠡᠷᠡᠯ ᠬᠢᠨᠠᠯᠲᠠ | ᠬᠠᠮᠢᠶᠠᠷᠤᠯᠲᠠ ᠶᠢᠨ ᠲᠠᠪᠴᠠᠩ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ | ᠬᠠᠮᠢᠶᠠᠷᠤᠯᠲᠠ ᠶᠢᠨ ᠲᠠᠪᠴᠠᠩ ᠢ ᠵᠣᠯᠭᠠᠭᠤᠯᠵᠤ᠂ ᠠᠷᠠᠯᠵᠢᠶᠠᠨ ᠤ ᠮᠡᠳᠡᠭᠡ ᠵᠠᠩᠭᠢ᠂ ᠢᠲᠡᠭᠡᠮᠵᠢ ᠶᠢᠨ ᠮᠡᠳᠡᠭᠡ ᠵᠠᠩᠭᠢ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠡᠳᠡᠭᠡ ᠵᠠᠩᠭᠢ᠂ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ | ᠮᠡᠳᠡᠭᠡ ᠵᠠᠩᠭᠢ ᠵᠡᠷᠭᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠭᠦᠢᠴᠡᠳ | ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ | ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠥᠪ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠬᠠᠮᠢᠶᠠᠷᠤᠯᠲᠠ | ᠂ ᠮᠡᠳᠡᠭᠡ ᠵᠠᠩᠭᠢ ᠶᠢᠨ ᠠᠮᠤᠷ ᠲᠦᠪᠰᠢᠨ᠂ ᠳ᠋ᠠᠶᠢᠲ᠋ᠠ ᠶᠢᠨ ᠬᠠᠮᠠᠭᠠᠯᠠᠯᠲᠠ᠂ ᠮᠡᠳᠡᠭᠡ ᠵᠠᠩᠭᠢ ᠨᠡᠶᠢᠲᠡᠯᠡᠬᠦ᠂ | ᠲᠦᠭᠰᠢᠭᠦᠷᠢ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠷᠭᠡᠵᠢᠯ ᠤᠨ ᠠᠷᠭ᠎ᠠ ᠪᠠᠷᠢᠯ ᠪᠠ ᠪᠤᠰᠤᠳ ᠴᠢᠬᠤᠯᠠ ᠪᠦᠬᠦᠢ ᠠᠷᠭ᠎ᠠ | ᠬᠡᠮᠵᠢᠶ᠎ᠡ ᠠᠪᠴᠤ᠂ ᠲᠠᠪᠴᠠᠩ ᠢ ᠮᠡᠳᠡᠭᠡ ᠵᠠᠩᠭᠢ ᠶᠢᠨ ᠰᠢᠰᠲ᠋ᠧᠮ ᠤᠨ ᠠᠮᠤᠷ ᠲᠦᠪᠰᠢᠨ ᠤ ᠵᠡᠷᠭᠡ ᠳᠡᠰ ᠤᠨ | ᠬᠠᠮᠠᠭᠠᠯᠠᠯᠲᠠ ᠪᠠ ᠬᠤᠯᠪᠣᠭᠳᠠᠯ ᠪᠦᠬᠦᠢ ᠪᠠᠶᠢᠴᠠᠭᠠᠨ ᠰᠢᠨᠵᠢᠵᠦ ᠦᠨᠡᠮᠰᠢᠬᠦ ᠱᠠᠭᠠᠷᠳᠠᠯᠭ᠎ᠠ ᠳᠤ ᠨᠠᠶᠢᠴᠡᠭᠦᠯᠭᠦ ᠶᠢ | ᠪᠠᠲᠤᠯᠠᠵᠤ᠂ ᠲᠠᠪᠴᠠᠩ ᠤᠨ ᠠᠮᠤᠷ ᠲᠣᠭᠲᠠᠭᠤᠨ ᠠᠵᠢᠯᠯᠠᠬᠤ ᠶᠢ ᠦᠨᠡᠨ ᠬᠦ ᠪᠠᠳᠣᠯᠠᠬᠤ ᠬᠡᠷᠩᠲᠠᠢ᠃ | ᠠᠷᠪᠠᠨ ᠲᠠᠪᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ | ᠰᠢᠰᠲ᠋ᠧᠮ ᠢ ᠨᠡᠭᠡᠭᠡᠨ ᠭᠦᠭᠵᠢᠭᠦᠯᠭᠦ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠳ᠋ᠠᠶᠢᠲ᠋ᠠ ᠶᠢᠨ ᠵᠠᠯᠭᠠᠭᠤᠷ ᠢ ᠴᠢᠯᠦᠭᠡᠲᠡᠢ ᠪᠣᠯᠭᠠᠬᠤ᠂ ᠵᠠᠯᠭᠠᠭᠤᠷ ᠢ ᠨᠡᠶᠢᠲᠡᠯᠡᠬᠦ | ᠱᠠᠭᠠᠷᠳᠠᠯᠭ᠎ᠠ ᠪᠠᠷ᠂ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠲᠠᠪᠴᠠᠩ᠂ ᠰᠢᠰᠲ᠋ᠧᠮ ᠢ ᠵᠠᠯᠭᠠᠭᠤᠯᠬᠤ ᠶᠢ | ᠬᠢᠵᠠᠭᠠᠷᠯᠠᠬᠤ ᠪᠤᠶᠤ ᠭᠠᠳᠠᠭᠤᠷᠴᠢᠯᠠᠵᠤ ᠪᠣᠯᠬᠤ ᠦᠭᠡᠶ᠃ | ᠳᠥᠷᠪᠡᠳᠦᠭᠡᠷ ᠪᠦᠯᠦᠭ ᠪᠦᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ | ᠠᠷᠪᠠᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ | ᠣᠷᠣᠭᠤᠯᠤᠭᠰᠠᠨ ᠲᠥᠷᠥᠯ ᠵᠦᠢᠯ ᠳᠤ ᠪᠦᠬᠦ ᠴᠤᠪᠤᠷᠠᠯ ᠤᠨ ᠡᠯᠧᠺᠲᠷᠣᠨᠴᠢᠯᠠᠭᠰᠠᠨ ᠠᠷᠠᠯᠵᠢᠶ᠎ᠠ ᠶᠢ ᠬᠡᠷᠡᠭᠵᠢᠭᠦᠯᠦᠨ᠎ᠡ᠃ | | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠪᠥᠬᠦ ᠴᠤᠪᠤᠷᠠᠯ ᠤᠨ | ᠡᠯᠧᠺᠲᠷᠣᠨᠴᠢᠯᠠᠭᠰᠠᠨ ᠠᠷᠠᠯᠵᠢᠶ᠎ᠠ ᠳᠤ ᠴᠢᠬᠤᠯᠠ ᠪᠥᠬᠦᠶ ᠲᠠᠯᠠᠪᠤᠷ ᠭᠠᠵᠠᠷ ᠪᠠ ᠪᠡᠯᠡᠳᠬᠡᠮᠵᠢ ᠲᠥᠬᠦᠭᠡᠷᠦᠮᠵᠢ | ᠬᠠᠩᠭᠠᠵᠤ᠂ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ᠂ ᠲᠠᠯᠠᠪᠤᠷ ᠭᠠᠵᠠᠷ ᠪᠣᠯᠵᠣᠬᠤ᠂ ᠮᠡᠳᠡᠭᠡ ᠵᠠᠩᠭᠢ | ᠨᠡᠶᠢᠲᠡᠯᠡᠬᠦ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠢᠨᠠᠨ ᠦᠨᠡᠯᠡᠬᠦ᠂ ᠵᠠᠷᠯᠠᠨ ᠨᠡᠶᠢᠲᠡᠯᠡᠬᠦ᠂ ᠭᠡᠷ᠎ᠡ | ᠲᠣᠭᠲᠠᠬᠤ᠂ ᠲᠠᠩᠰᠠ ᠡᠪᠬᠡᠮᠡᠯ ᠬᠠᠮᠢᠶᠠᠷᠬᠤ ᠵᠡᠷᠭᠡ ᠭᠤᠭᠴᠤᠭ᠎ᠠ ᠳᠤ ᠪᠥᠬᠦ ᠴᠤᠪᠤᠷᠠᠯ ᠤᠨ ᠡᠯᠧᠺᠲᠷᠣᠨᠴᠢᠯᠠᠭᠰᠠᠨ | ᠦᠢᠯᠡᠴᠢᠯᠡᠭᠡ ᠬᠠᠩᠭᠠᠨ᠎ᠠ᠃ | ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠳ᠋ᠢᠭᠢᠲ | ᠦᠨᠡᠮᠯᠡᠯ᠂ ᠡᠯᠧᠺᠳ᠋ᠷᠣᠨ ᠭᠡᠷᠡᠴᠢ ᠦᠨᠡᠮᠯᠡᠯ ᠵᠡᠷᠭᠡ ᠠᠷᠭ᠎ᠠ ᠮᠠᠶ᠋ᠢᠭ ᠢᠶᠠᠷ᠂ ᠲᠥᠷᠥᠯ ᠵᠦᠢᠯ ᠡᠭᠦᠰᠬᠡᠭᠴᠢ᠂ ᠲᠥᠷᠥᠯ | ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ | ᠮᠡᠷᠭᠡᠵᠢᠯᠲᠡᠨ ᠳᠤ ᠨᠢᠭᠡᠳᠦᠯᠲᠡᠶ ᠪᠡᠶ᠎ᠡ ᠬᠡᠮ ᠤᠨ ᠳ᠋ᠢᠭᠢᠲ ᠭᠡᠷᠡᠴᠢᠯᠡᠭᠡ ᠶᠢ ᠬᠡᠷᠡᠭᠵᠢᠭᠦᠯᠵᠦ᠂ ᠳ᠋ᠢᠭᠢᠲ ᠦᠨᠡᠮᠯᠡᠯ᠂ | ᠡᠯᠧᠺᠲᠷᠣᠨ ᠭᠡᠷᠡᠴᠢ ᠦᠨᠡᠮᠯᠡᠯ ᠵᠡᠷᠭᠡ ᠶᠢ ᠲᠠᠪᠴᠠᠩ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠣᠷᠣᠨ ᠪᠦᠰᠡ | ᠠᠯᠤᠰᠯᠠᠨ ᠵᠣᠬᠢᠴᠠᠭᠤᠯᠣᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ | ᠠᠷᠪᠠᠨ ᠨᠠᠢᠮᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠲᠥᠷᠥᠯ | ᠵᠦᠢᠯ ᠤᠨ ᠳᠠᠩᠰᠠᠯᠠᠨ ᠲᠡᠮᠳᠡᠭᠯᠡᠬᠦ ᠶᠢ ᠰᠦᠯᠵᠢᠶ᠎ᠡ ᠪᠠᠷ ᠬᠦᠯᠢᠶᠡᠨ ᠠᠪᠴᠤ ᠰᠢᠢᠳᠪᠦᠷᠢᠯᠡᠨ᠂ ᠲᠥᠷᠥᠯ ᠬᠤᠪᠢᠶᠠᠨ | ᠬᠠᠮᠢᠶᠠᠷᠬᠤ ᠶᠢ ᠬᠡᠷᠡᠭᠵᠢᠭᠦᠯᠦᠨ᠎ᠡ᠃ | ᠲᠥᠷᠥᠯ ᠵᠦᠢᠯ ᠡᠭᠦᠰᠭᠡᠭᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ | ᠳᠠᠮᠵᠢᠭᠤᠯᠤᠨ ᠲᠥᠷᠥᠯ ᠵᠦᠢᠯ ᠳᠠᠩᠰᠠᠯᠠᠨ ᠲᠡᠮᠳᠡᠭᠯᠡᠬᠦ᠂ ᠲᠠᠯᠠᠪᠤᠷ ᠭᠠᠵᠠᠷ ᠪᠣᠯᠵᠣᠬᠤ᠂ ᠠᠷᠠᠯᠵᠢᠶᠠᠨ ᠤ ᠮᠡᠳᠡᠭᠡ | ᠵᠠᠩᠭᠢ ᠨᠡᠶᠢᠲᠡᠯᠡᠬᠦ ᠵᠡᠷᠭᠡ ᠶᠢ ᠪᠡᠶᠡᠯᠡᠭᠦᠯᠦᠨ᠎ᠡ᠃ | ᠠᠷᠪᠠ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠮᠡᠳᠡᠭᠡ ᠵᠠᠩᠭᠢ ᠶᠢ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠰᠦᠯᠵᠢᠶᠡᠨ ᠳᠤ | ᠨᠡᠶᠢᠲᠡᠯᠡᠬᠦ ᠬᠡᠷᠡᠭᠲᠡᠶ᠃ ᠲᠥᠷᠥᠯ ᠵᠦᠢᠯ ᠡᠭᠦᠰᠬᠡᠭᠴᠢ ᠨᠢ ᠠᠷᠠᠯᠵᠢᠶᠠᠨ ᠤ ᠠᠯᠪᠠᠨ ᠵᠠᠷ᠂ ᠠᠷᠠᠯᠵᠢᠶᠠᠨ ᠤ ᠪᠢᠴᠢᠭ | ᠮᠠᠲ᠋ᠧᠷᠢᠶᠠᠯ᠂ ᠠᠷᠠᠯᠵᠢᠶᠠᠨ ᠤ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠨᠡᠶᠢᠲᠡᠯᠡᠬᠦ ᠳᠤ ᠨᠢᠭᠤᠴᠠ ᠶᠢ ᠬᠠᠮᠠᠭᠠᠯᠠᠬᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠪᠥᠭᠡᠳ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ | ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠬᠤ ᠬᠡᠷᠡᠭᠲᠡᠶ᠃ | ᠲᠥᠷᠥᠯ ᠵᠦᠢᠯ ᠡᠭᠦᠰᠬᠡᠭᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠤᠰᠤᠳ ᠵᠠᠭᠤᠴᠢᠯᠠᠭᠤᠷ ᠲᠤ ᠨᠡᠶᠢᠲᠡᠯᠡᠭᠰᠡᠨ ᠠᠷᠠᠯᠵᠢᠶᠠᠨ ᠤ ᠮᠡᠳᠡᠭᠡ ᠵᠠᠩᠭᠢ ᠪᠠᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶᠡᠨ ᠳᠤ ᠨᠡᠶᠢᠲᠡᠯᠡᠭᠰᠡᠨ ᠮᠡᠳᠡᠭᠡ | ᠵᠠᠩᠭᠢ ᠯᠤᠭ᠎ᠠ ᠨᠢᠭᠡᠳᠦᠯᠲᠡᠶ ᠪᠠᠶᠢᠯᠭᠠᠬᠤ ᠬᠡᠷᠡᠭᠲᠡᠶ᠃ | ᠬᠤᠷᠢᠳᠤᠭᠠᠷ ᠵᠦᠢᠯ ᠲᠥᠷᠥᠯ ᠵᠦᠢᠯ ᠳᠠᠭᠠᠭᠴᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠢᠶᠠᠷ ᠳᠠᠭᠠᠯᠲᠠ ᠶᠢᠨ ᠲᠠᠰ ᠳᠠᠷᠠᠭᠠᠯᠠᠯ ᠢ ᠭᠦᠢᠴᠡᠳᠭᠡᠬᠦ ᠶᠢᠨ ᠬᠠᠮᠲᠤ ᠳᠠᠭᠠᠯᠲᠠ ᠶᠢᠨ ᠪᠢᠴᠢᠭ | ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ ᠪᠠ ᠬᠠᠤᠯᠢ ᠶᠣᠰᠣᠴᠢ | ᠴᠢᠨᠠᠷ ᠲᠤ ᠬᠠᠷᠢᠭᠤᠴᠠᠬᠤ ᠬᠡᠷᠡᠭᠲᠡᠶ᠃ ᠳᠠᠭᠠᠯᠲᠠ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ | ᠨᠢᠭᠤᠴᠠᠯᠠᠬᠤ᠂ ᠭᠠᠷᠳᠠᠭᠤᠯᠬᠤ᠂ ᠳᠠᠮᠵᠢᠭᠤᠯᠬᠤ᠂ ᠭᠥᠯᠢᠶᠡᠨ ᠠᠪᠬᠤ᠂ ᠨᠤᠲᠠᠯᠠᠬᠤ ᠵᠡᠷᠭᠡ ᠨᠢ ᠬᠠᠤᠯᠢ ᠴᠠᠭᠠᠵᠠ᠂ | ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠲᠥᠷᠥᠯ ᠵᠦᠢᠯ ᠡᠭᠦᠰᠬᠡᠭᠴᠢ ᠨᠢ ᠲᠥᠷᠥᠯ ᠵᠦᠢᠯ ᠳᠠᠭᠠᠭᠴᠢ ᠶᠢ ᠪᠠᠲᠤᠯᠠᠭ᠎ᠠ ᠶᠢᠨ | ᠮᠥᠩᠭᠦ ᠲᠤᠰᠢᠶᠠᠬᠤ ᠪᠠᠷ ᠱᠠᠭᠠᠷᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠷᠥᠯ ᠵᠦᠢᠯ ᠢ | ᠠᠷᠠᠯᠵᠢᠶᠠᠨ ᠤ ᠪᠢᠴᠢᠭ ᠮᠠᠲ᠋ᠧᠷᠢᠶᠠᠯ ᠳᠤ ᠲᠣᠭᠲᠠᠭᠰᠠᠨ ᠴᠠᠭ ᠶᠣᠰᠣᠭᠠᠷ ᠰᠦᠯᠵᠢᠶᠡᠨ ᠳᠤ ᠳᠠᠭᠠᠭᠠᠴᠢᠯᠠᠯᠲᠠ | ᠨᠡᠶᠢᠲᠡᠯᠡᠬᠦ ᠬᠡᠷᠡᠭᠲᠡᠶ᠂ ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠮᠤᠷ ᠲᠦᠪᠰᠢᠨ ᠵᠡᠷᠭᠡ ᠣᠨᠴᠠᠭᠠᠶ | ᠱᠠᠭᠠᠷᠳᠠᠯᠭ᠎ᠠ ᠳᠤ ᠬᠤᠯᠪᠣᠭᠳᠠᠪᠠᠯ ᠡᠭᠦᠨ ᠳᠤ ᠪᠠᠭᠲᠠᠬᠤ ᠥᠬᠡᠶ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠪᠦᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ | ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠨᠢ ᠳᠠᠭᠠᠭᠠᠴᠢᠯᠠᠯᠲᠠ ᠬᠢᠨᠠᠨ ᠦᠨᠡᠯᠡᠬᠦ ᠴᠢᠬᠤᠯᠠᠲᠠᠢ ᠪᠣᠯ᠂ ᠲᠥᠷᠥᠯ | ᠵᠦᠢᠯ ᠡᠭᠦᠰᠬᠡᠭᠴᠢ ᠠᠴᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠢ | ᠮᠡᠷᠭᠡᠵᠢᠯᠲᠡᠨ ᠤ ᠬᠥᠮᠥᠷᠭᠡ ᠠᠴᠠ ᠲᠤᠰᠬᠠᠢ ᠮᠡᠷᠭᠡᠵᠢᠯᠲᠡᠨ ᠢ ᠲᠠᠰᠢᠷᠠᠮ ᠢᠶᠠᠷ ᠰᠣᠩᠭᠤᠨ᠂ ᠳᠠᠭᠠᠭᠠᠴᠢᠯᠠᠯᠲᠠ ᠬᠢᠨᠠᠨ | ᠦᠨᠡᠯᠡᠬᠦ ᠺᠣᠮᠢᠰ ᠪᠤᠶᠤ ᠬᠢᠨᠠᠨ ᠦᠨᠡᠯᠡᠬᠦ ᠳᠤᠭᠤᠶᠢᠯᠠᠩ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ | ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠨᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠪᠠᠶᠢᠭᠤᠯᠤᠭᠰᠠᠨ ᠲᠤᠰᠬᠠᠶ ᠮᠡᠷᠭᠡᠵᠢᠯᠲᠡᠨ ᠤ ᠬᠥᠮᠥᠷᠭᠡ ᠠᠴᠠ ᠲᠤᠰᠬᠠᠶ ᠮᠡᠷᠭᠡᠵᠢᠯᠲᠡᠨ ᠰᠣᠩᠭᠤᠬᠤ ᠪᠤᠶᠤ ᠮᠡᠷᠭᠡᠵᠢᠯ ᠨᠢ | ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠴᠢᠨᠠᠷ ᠢᠶᠠᠷ ᠴᠢᠩᠭ᠎ᠠ ᠵᠡᠷᠭᠡ ᠪᠠᠶᠢᠳᠠᠯ ᠠᠴᠠ ᠪᠣᠯᠵᠤ ᠲᠠᠰᠢᠷᠠᠮ ᠢᠶᠠᠷ | ᠰᠣᠩᠭᠤᠬᠤ ᠬᠡᠯᠪᠡᠷᠢ ᠪᠠᠷ ᠲᠤᠰᠬᠠᠶ ᠮᠡᠷᠭᠡᠵᠢᠯᠲᠡᠨ ᠲᠣᠭᠲᠠᠭᠠᠬᠤ ᠳᠤ ᠲᠣᠬᠢᠷᠠᠬᠤ ᠦᠭᠡᠢ ᠪᠠᠶᠢᠪᠡᠯ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠬᠤᠷᠢᠨ ᠳᠥᠷᠪᠡᠳᠦᠭᠡᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠲᠣᠭᠲᠠᠭᠠᠭᠰᠠᠨ ᠬᠢᠨᠠᠨ ᠦᠨᠡᠯᠡᠬᠦ ᠪᠠᠷᠢᠮᠵᠢᠶ᠎ᠠ᠂ ᠠᠷᠭ᠎ᠠ | ᠪᠠ ᠳᠡᠰ ᠳᠠᠷᠠᠭᠠᠯᠠᠯ ᠶᠣᠰᠣᠭᠠᠷ᠂ ᠳᠠᠭᠠᠭᠠᠴᠢᠯᠠᠯᠲᠠ ᠬᠢᠨᠠᠨ ᠦᠨᠡᠯᠡᠭᠦ ᠰᠠᠨᠠᠯ ᠢᠶᠠᠨ ᠪᠤᠰᠤᠳᠴᠢ ᠪᠠᠷ᠂ ᠭᠤᠤᠯᠴᠢ ᠪᠠᠷ᠂ | ᠲᠤᠰᠠᠭᠠᠷ ᠳᠤᠷᠠᠳᠴᠤ᠂ ᠳᠤᠷᠠᠳᠤᠭᠰᠠᠨ ᠳᠠᠭᠠᠭᠠᠴᠢᠯᠠᠯᠲᠠ ᠬᠢᠨᠠᠨ ᠦᠨᠡᠯᠡᠭᠰᠡᠨ ᠰᠠᠨᠠᠯ ᠳᠤ ᠪᠠᠨ ᠬᠠᠤᠯᠢ ᠶᠣᠰᠣᠭᠠᠷ | ᠬᠠᠷᠢᠭᠤᠴᠠᠯᠭ᠎ᠠ ᠡᠭᠦᠷᠬᠡᠯᠡᠭᠦ ᠬᠡᠷᠡᠭᠲᠡᠢ᠃ | ᠳᠠᠭᠠᠭᠠᠴᠢᠯᠠᠯᠲᠠ ᠬᠢᠨᠠᠨ ᠦᠨᠡᠯᠡᠬᠦ ᠺᠣᠮᠢᠰ ᠪᠤᠶᠤ ᠬᠢᠨᠠᠨ ᠦᠨᠡᠯᠡᠬᠦ ᠳᠤᠭᠤᠶᠢᠯᠠᠩ ᠨᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠡᠭᠦᠰᠬᠡᠭᠴᠢ ᠳᠤ ᠳᠠᠭᠠᠭᠠᠴᠢᠯᠠᠯᠲᠠ | ᠬᠢᠨᠠᠨ ᠦᠨᠡᠯᠡᠭᠰᠡᠨ ᠮᠡᠳᠡᠭᠦᠯᠦᠯᠲᠡ ᠪᠠᠨ ᠳᠡᠪᠰᠢᠭᠦᠯᠵᠦ᠂ ᠳᠠᠭᠠᠭᠠᠴᠢᠯᠠᠯᠲᠠ ᠣᠯᠬᠤ ᠵᠢᠱᠢᠭᠳᠡᠭᠰᠡᠳ᠂ ᠠᠷᠠᠯᠵᠢᠶ᠎ᠠ | ᠪᠦᠲᠦᠭᠰᠡᠨ ᠵᠢᠱᠢᠭᠳᠡᠭᠰᠡᠳ ᠤᠨ ᠨᠡᠷᠡᠰ ᠢ ᠲᠠᠨᠢᠯᠴᠠᠭᠤᠯᠬᠤ ᠪᠤᠶᠤ ᠲᠥᠷᠥᠯ ᠵᠦᠢᠯ ᠡᠭᠦᠰᠬᠡᠭᠴᠢ ᠶᠢᠨ ᠨᠠᠶᠢᠳᠠᠯᠭ᠎ᠠ ᠪᠠᠷ | ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠥᠮᠦᠨ ᠢ ᠲᠣᠭᠲᠠᠭᠠᠨ᠎ᠠ᠃ | ᠠᠯᠤᠰ ᠠᠴᠠ ᠣᠨᠳᠣᠣ ᠭᠠᠵᠠᠷ ᠠᠴᠠ ᠳᠠᠭᠠᠭᠠᠴᠢᠯᠠᠯᠲᠠ ᠬᠢᠨᠠᠨ ᠦᠨᠡᠯᠡᠬᠦ ᠶᠢ ᠳᠡᠯᠭᠡᠷᠡᠭᠦᠯᠵᠦ᠂ ᠲᠤᠰᠬᠠᠢ | ᠮᠡᠷᠭᠡᠵᠢᠯᠲᠡᠨ ᠤ ᠡᠬᠢ ᠪᠠᠶᠠᠯᠢᠭ ᠢ ᠬᠠᠮᠲᠤ ᠳᠤ ᠪᠠᠨ ᠬᠦᠷᠲᠡᠨ᠎ᠡ᠃ | ᠬᠤᠷᠢᠨ ᠲᠠᠪᠤᠳᠤᠭᠠᠷ ᠵᠦᠢᠯ ᠲᠥᠷᠥᠯ ᠵᠦᠢᠯ ᠡᠭᠦᠰᠬᠡᠭᠴᠢ ᠬᠠᠤᠯᠢ ᠪᠠᠷ ᠲᠣᠭᠲᠠᠭᠠᠭᠰᠠᠨ ᠬᠤᠭᠤᠴᠠᠭᠠᠨ | ᠳᠣᠲᠣᠷ᠎ᠠ ᠠᠷᠠᠯᠵᠢᠶᠠᠨ ᠤ ᠦᠷ᠎ᠡ ᠳ᠋ᠦᠩ ᠢ ᠨᠤᠲᠠᠯᠠᠬᠤ ᠶᠢᠨ ᠬᠠᠮᠲᠤ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠢᠶᠠᠷ ᠠᠷᠠᠯᠵᠢᠶᠠᠨ ᠤ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠲᠥᠷᠥᠯ ᠵᠦᠢᠯ ᠡᠭᠦᠰᠬᠡᠭᠴᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ ᠬᠦᠮᠦᠨ ᠯᠦᠭᠡ | ᠭᠡᠷ᠎ᠡ ᠲᠣᠭᠲᠠᠨ᠎ᠠ᠃ ᠲᠥᠷᠥᠯ ᠵᠦᠢᠯ ᠡᠭᠦᠰᠭᠡᠭᠴᠢ ᠨᠢ ᠳᠠᠭᠠᠭᠠᠴᠢᠯᠠᠯᠲᠠ ᠣᠯᠤᠭᠴᠢ᠂ ᠠᠷᠠᠯᠵᠢᠶ᠎ᠠ ᠪᠦᠲᠦᠭᠰᠡᠨ | ᠬᠦᠮᠦᠨ ᠵᠡᠷᠭᠡ ᠬᠠᠮᠢᠶ᠎ᠠ ᠪᠦᠬᠦᠢ ᠭᠤᠤᠯ ᠴᠣᠭᠴᠠ ᠯᠤᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠢᠶᠠᠷ ᠳᠠᠮᠵᠢᠭᠤᠯᠤᠨ ᠳᠠᠭᠠᠭᠠᠴᠢᠯᠠᠯᠲᠠ ᠣᠯᠤᠭᠰᠠᠨ ᠭᠡᠷ᠎ᠡ᠂ ᠠᠷᠠᠯᠵᠢᠶ᠎ᠠ ᠪᠦᠲᠦᠭᠰᠡᠨ ᠭᠡᠷ᠎ᠡ ᠶᠢ | ᠭᠦᠢᠴᠡᠳᠬᠡᠭᠰᠡᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠭᠠᠷᠳᠠᠭᠤᠯᠬᠤ ᠪᠠ ᠨᠡᠶᠢᠲᠡᠯᠡᠬᠦ ᠶᠢ | ᠵᠣᠷᠢᠭᠵᠢᠭᠤᠯᠤᠨ᠎ᠠ᠃ | ᠬᠤᠷᠢᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠨᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠦᠬᠦ ᠶᠠᠪᠤᠴᠠ ᠶᠢ ᠲᠤᠬᠠᠶ ᠶᠢᠨ ᠴᠠᠭ ᠲᠤ ᠨᠢ ᠭᠡᠷᠡᠴᠢᠯᠡᠵᠦ᠂ | ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ᠂ ᠲᠤᠰᠬᠠᠶ | ᠮᠡᠷᠭᠡᠵᠢᠯᠲᠡᠨ ᠵᠡᠷᠭᠡ ᠭᠤᠤᠯ ᠴᠣᠭᠴᠠ ᠶᠢᠨ ᠮᠡᠳᠡᠭᠡ ᠵᠠᠩᠭᠢ ᠪᠠ ᠠᠷᠠᠯᠵᠢᠶᠠᠨ ᠤ ᠮᠡᠳᠡᠭᠡ ᠵᠠᠩᠭᠢ ᠶᠢ ᠪᠦᠬᠦ ᠲᠠᠯ᠎ᠠ ᠪᠠᠷ | ᠲᠡᠮᠳᠡᠭᠯᠡᠵᠦ᠂ ᠠᠷᠠᠯᠵᠢᠶᠠᠨ ᠤ ᠶᠠᠪᠤᠴᠠ ᠶᠢ ᠮᠦᠷᠳᠡᠨ ᠪᠠᠶᠢᠴᠠᠭᠠᠵᠤ ᠪᠣᠯᠬᠤ ᠶᠢ ᠦᠨᠡᠨ ᠬᠦ ᠪᠠᠲᠤᠯᠠᠨ᠎ᠠ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠥᠪ | ᠪᠠ ᠲᠥᠷᠥᠯ ᠵᠦᠢᠯ ᠡᠭᠦᠰᠬᠡᠭᠴᠢ ᠪᠥᠬᠦ ᠣᠷᠣᠨ ᠤ ᠨᠢᠭᠡᠳᠦᠯᠲᠡᠶ ᠡᠯᠧᠺᠲᠷᠣᠨ ᠲᠠᠩᠰᠠ ᠡᠪᠬᠡᠮᠡᠯ ᠤᠨ | ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠪᠥᠬᠦ | ᠶᠠᠪᠤᠴᠠ ᠳᠤ ᠪᠣᠶ ᠪᠣᠯᠤᠭᠰᠠᠨ ᠡᠯᠧᠺᠳ᠋ᠷᠣᠨ ᠪᠢᠴᠢᠭ ᠮᠠᠲ᠋ᠧᠷᠢᠶᠠᠯ᠂ ᠤᠭ ᠳ᠋ᠠᠶᠢᠲ᠋ᠠ᠂ ᠳᠠᠭᠤ ᠸᠢᠳᠢᠣ᠋ ᠵᠡᠷᠭᠡ ᠶᠢ | ᠲᠥᠷᠥᠯ ᠬᠤᠪᠢᠶᠠᠨ ᠡᠮᠬᠢᠯᠡᠵᠦ᠂ ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠨ᠎ᠠ᠃ | ᠬᠤᠷᠢ ᠶᠢᠰᠦᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠲᠠᠪᠴᠠᠩ ᠨᠢ | ᠰᠦᠯᠵᠢᠶ᠎ᠡ ᠪᠠᠷ ᠣᠨᠳᠣᠤ ᠰᠠᠨᠠᠯ᠂ ᠰᠡᠵᠢᠭᠯᠡᠯ ᠳᠤᠷᠠᠳᠬᠤ ᠪᠠ ᠰᠦᠯᠵᠢᠶ᠎ᠡ ᠪᠠᠷ ᠵᠠᠭᠠᠯᠳᠤᠬᠤ ᠶᠢ ᠳᠡᠮᠵᠢᠨ᠎ᠡ᠃ ᠲᠥᠷᠥᠯ | ᠵᠦᠢᠯ ᠳᠠᠭᠠᠭᠴᠢ ᠵᠢᠴᠢ ᠪᠤᠰᠤᠳ ᠠᠰᠢᠭ ᠬᠤᠣᠷ ᠤᠨ ᠬᠠᠷᠢᠴᠠᠭᠠᠲᠤ ᠬᠥᠮᠦᠨ ᠠᠷᠠᠯᠵᠢᠶᠠᠨ ᠤ ᠪᠢᠴᠢᠭ ᠮᠠᠲ᠋ᠧᠷᠢᠶᠠᠯ᠂ | ᠠᠷᠠᠯᠵᠢᠶᠠᠨ ᠤ ᠶᠠᠪᠤᠴᠠ᠂ ᠠᠷᠠᠯᠵᠢᠶᠠᠨ ᠤ ᠦᠷ᠎ᠡ ᠳ᠋ᠦᠩ ᠳᠤ ᠣᠨᠳᠣᠤ ᠰᠠᠨᠠᠯ᠂ ᠰᠡᠵᠢᠭᠯᠡᠯ ᠲᠠᠢ ᠪᠠᠶᠢᠪᠠᠯ᠂ | ᠲᠠᠪᠴᠠᠩ ᠢᠶᠠᠷ ᠳᠠᠮᠵᠢᠭᠤᠯᠤᠨ ᠲᠥᠷᠥᠯ ᠵᠦᠢᠯ ᠡᠭᠦᠰᠬᠡᠭᠴᠢ ᠳᠤ ᠳᠤᠷᠠᠳᠴᠤ ᠪᠣᠯᠤᠨ᠎ᠠ︔ ᠠᠷᠠᠯᠵᠢᠶᠠᠨ ᠤ | ᠠᠵᠢᠯᠯᠠᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠬᠦ ᠦᠭᠡᠢ ᠭᠡᠵᠦ ᠦᠵᠡᠪᠡᠯ᠂ | ᠲᠠᠪᠴᠠᠩ ᠢᠶᠠᠷ ᠳᠠᠮᠵᠢᠭᠤᠯᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ | ᠮᠥᠴᠢᠷ ᠲᠤ ᠵᠠᠭᠠᠯᠳᠤᠵᠤ ᠪᠣᠯᠤᠨ᠎ᠠ᠃ | ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠵᠠᠭᠠᠯᠳᠤᠯᠭ᠎ᠠ ᠶᠢᠨ ᠠᠷᠭ᠎ᠠ ᠵᠠᠮ ᠢ | ᠰᠠᠭᠠᠳ ᠦᠭᠡᠢ ᠨᠡᠪᠲᠡᠷᠡᠭᠦᠯᠵᠦ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠣᠲᠣᠷ᠎ᠠ ᠬᠠᠷᠢᠭᠤᠯᠲᠠ ᠥᠭᠬᠦ ᠪᠠ | ᠵᠠᠭᠠᠯᠳᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠦᠩ ᠢ ᠲᠤᠬᠠᠢ ᠶᠢᠨ ᠬᠥᠮᠥᠨ ᠳᠤ ᠬᠠᠷᠢᠭᠤ | ᠲᠤᠰᠬᠠᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤ ᠨᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠴᠤᠭᠯᠠᠭᠤᠯᠵᠤ᠂ ᠬᠠᠤᠯᠢ ᠶᠣᠰᠣᠭᠠᠷ ᠨᠡᠶᠢᠭᠡᠮ ᠳᠤ ᠢᠯᠡ ᠪᠣᠯᠭᠠᠵᠤ᠂ | ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ | ᠭᠤᠴᠢᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠨᠢ ᠤᠯᠤᠰ ᠤᠨ | ᠠᠮᠤᠷ ᠲᠦᠪᠰᠢᠨ᠂ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠥᠬᠦᠶ ᠲᠣᠭᠲᠠᠭᠠᠯ ᠢ ᠵᠢᠷᠤᠮᠯᠠᠬᠤ | ᠬᠡᠷᠡᠭᠲᠡᠶ᠃ | ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠭᠤᠴᠢᠨ ᠨᠢᠭᠡᠳᠦᠭᠡᠷ ᠵᠦᠢᠯ ᠪᠦᠬᠦ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠵᠠᠰᠠᠭ | ᠵᠠᠬᠢᠷᠭᠠᠨ ᠤ ᠬᠢᠨᠠᠯᠲᠠ ᠬᠠᠮᠢᠶᠠᠷᠤᠯᠲᠠ ᠪᠠ ᠲᠠᠪᠴᠠᠩ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠤᠭᠰᠠᠨ | ᠬᠠᠮᠵᠢᠯᠴᠠᠨ ᠬᠢᠨᠠᠨ ᠬᠠᠮᠢᠶᠠᠷᠬᠤ ᠬᠡᠪ ᠵᠠᠭᠪᠤᠷ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠠᠳᠠᠯᠢ ᠱᠠᠲᠤᠨ ᠤ | ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠬᠢᠨᠠᠨ | ᠬᠠᠮᠢᠶᠠᠷᠬᠤ ᠡᠷᠬᠡ ᠪᠠ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠲᠣᠭᠲᠠᠭᠠᠬᠤ ᠶᠢᠨ ᠬᠠᠮᠲᠤ ᠨᠡᠶᠢᠭᠡᠮ ᠳᠤ ᠢᠯᠡ | ᠪᠣᠯᠭᠠᠬᠤ ᠬᠡᠷᠡᠭᠲᠡᠶ᠃ | ᠭᠤᠴᠢᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ | ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠤᠯᠤᠰ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠴᠠᠷᠠᠭᠠᠨ ᠳᠠᠬᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠭᠠᠷᠴᠠᠭ ᠢ ᠲᠣᠭᠲᠠᠭᠠᠨ ᠨᠡᠶᠢᠲᠡᠯᠡᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠭᠠᠷᠴᠠᠭ ᠳᠣᠲᠣᠷᠠᠬᠢ ᠪᠣᠳᠠᠲᠠᠶ ᠮᠡᠳᠡᠭᠡ ᠵᠠᠩᠭᠢ ᠶᠢ ᠢᠯᠡ ᠪᠣᠯᠭᠠᠬᠤ | ᠬᠡᠷᠡᠭᠲᠡᠶ᠃ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠥᠢᠯᠡᠴᠢᠯᠡᠭᠡ᠂ ᠠᠷᠠᠯᠵᠢᠶ᠎ᠠ ᠵᠡᠷᠭᠡ | ᠬᠤᠯᠪᠣᠭᠳᠠᠯ ᠪᠥᠬᠦᠶ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ᠃ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢᠶᠠᠷ ᠢᠯᠡ ᠪᠣᠯᠭᠠᠬᠤ ᠶᠢ ᠴᠠᠭᠠᠵᠠᠯᠠᠭᠰᠠᠨ ᠪᠠᠶᠢᠪᠠᠯ | ᠡᠭᠦᠨ ᠳᠤ ᠪᠠᠭᠲᠠᠬᠤ ᠦᠭᠡᠢ᠃ | ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠤᠳ ᠲᠤᠰ | ᠠᠵᠢᠯ ᠲᠥᠷᠥᠯ᠂ ᠲᠤᠰ ᠰᠢᠰᠲ᠋ᠧᠮ ᠤᠨ ᠢᠶᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠵᠢᠷᠤᠮᠵᠢᠭᠤᠯᠵᠤ᠂ ᠦᠨᠡᠨᠴᠢ ᠢᠲᠡᠭᠡᠮᠵᠢ ᠦᠭᠡᠶ ᠦᠢᠯᠡ | ᠠᠵᠢᠯᠯᠠᠭ᠎ᠠ ᠶᠢ ᠬᠤᠷᠢᠭᠯᠠᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ | ᠢᠯᠡᠷᠡᠭᠦᠯᠵᠦ᠂ ᠰᠡᠷᠡᠮᠵᠢᠯᠡᠭᠦᠯᠵᠦ᠂ ᠪᠠᠶᠢᠴᠠᠭᠠᠨ ᠭᠡᠷᠡᠴᠢᠯᠡᠬᠦ ᠪᠠ ᠰᠢᠢᠳᠪᠦᠷᠢᠯᠡᠬᠦ ᠶᠢᠨ ᠬᠠᠮᠲᠤ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ | ᠳᠠᠮᠵᠢᠭᠤᠯᠤᠨ ᠶᠠᠪᠤᠭᠤᠯᠬᠤ ᠬᠡᠷᠡᠭᠲᠡᠶ᠃ | ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠨᠢ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠯᠵᠢᠶᠠᠨ ᠤ ᠡᠮᠬᠢ | ᠵᠢᠷᠤᠮ ᠢ ᠬᠠᠮᠠᠭᠠᠯᠠᠨ᠂ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢᠨ ᠲᠦᠷᠢᠮ ᠢ ᠵᠥᠷᠢᠴᠡᠭᠰᠡᠨ ᠦᠢᠯᠡ | ᠠᠵᠢᠯᠯᠠᠭ᠎ᠠ ᠶᠢ ᠴᠠᠭ ᠲᠤᠬᠠᠶ ᠳᠤ ᠨᠢ ᠬᠤᠷᠢᠭᠯᠠᠨ ᠵᠣᠭᠰᠣᠭᠠᠬᠤ ᠪᠠ ᠵᠠᠯᠠᠷᠠᠭᠤᠯᠬᠤ ᠬᠡᠷᠡᠭᠲᠡᠶ︔ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠳᠠᠷᠦ᠋ᠢᠬᠠᠨ ᠰᠠᠨᠠᠭᠤᠯᠬᠤ ᠶᠢᠨ ᠬᠠᠮᠲᠤ ᠭᠡᠷᠡᠴᠢ | ᠪᠠᠷᠢᠮᠲᠠ ᠶᠢ ᠲᠡᠮᠳᠡᠭᠯᠡᠨ ᠬᠠᠳᠠᠭᠠᠯᠠᠵᠤ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ | ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠵᠦ ᠰᠢᠢᠳᠪᠦᠷᠢᠯᠡᠭᠦᠯᠬᠦ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠤᠯᠪᠣᠭᠳᠠᠯ ᠪᠥᠬᠦᠶ ᠵᠠᠰᠠᠭ ᠵᠠᠬᠢᠷᠭᠠᠨ ᠤ | ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠪᠥᠬᠦ ᠣᠷᠣᠨ ᠤ ᠨᠢᠭᠡᠳᠦᠯᠲᠡᠶ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠡᠨ ᠤ ᠡᠯᠧᠺᠳ᠋ᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠣᠮᠣ | ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ | ᠬᠡᠷᠡᠭᠯᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠠᠵᠢᠯᠯᠠᠭ᠎ᠠ ᠳᠤ ᠬᠢᠨᠠᠨ ᠰᠢᠨᠵᠢᠵᠦ ᠵᠠᠳᠠᠯᠤᠯᠲᠠ | ᠬᠢᠵᠦ᠂ ᠠᠷᠠᠯᠵᠢᠶᠠᠨ ᠤ ᠬᠡᠪ ᠤᠨ ᠪᠤᠰᠤ ᠦᠢᠯᠡ ᠠᠵᠢᠯᠯᠠᠭ᠎ᠠ ᠶᠢ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠨ᠂ | ᠣᠶᠣᠨᠲᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ | ᠳᠡᠭᠡᠭᠰᠢᠯᠡᠭᠦᠯᠭᠦ ᠬᠡᠷᠩᠲᠠᠢ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠨᠢ ᠠᠳᠠᠯᠢ | ᠱᠠᠲᠤᠨ ᠤ ᠨᠡᠶᠢᠭᠡᠮ ᠤᠨ ᠢᠲᠡᠭᠡᠮᠵᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠲᠤᠷᠠᠯᠴᠠᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠡᠭᠦᠰᠬᠡᠭᠴᠢ᠂ ᠲᠥᠷᠥᠯ ᠵᠦᠢᠯ ᠳᠠᠭᠠᠭᠴᠢ᠂ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ ᠵᠢᠴᠢ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳᠤ ᠢᠲᠡᠭᠡᠮᠵᠢ | ᠵᠢᠷᠤᠮᠯᠠᠭᠰᠠᠳ ᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠬᠤ ᠶᠢ ᠬᠠᠤᠯᠢ ᠶᠣᠰᠣᠭᠠᠷ ᠬᠡᠷᠡᠭᠵᠢᠭᠦᠯᠬᠦ | ᠬᠡᠷᠡᠭᠲᠡᠶ᠃ | ᠭᠤᠴᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠂ ᠲᠤᠰᠢᠶᠠᠯ ᠤᠨ | ᠳᠦᠭᠦᠮ ᠢᠶᠠᠨ ᠠᠰᠢᠭᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠠᠴᠠ ᠠᠰᠢᠭ | ᠲᠤᠰᠠ ᠬᠦᠭᠡᠭᠡᠴᠡᠯᠳᠣᠭᠦ ᠪᠤᠶᠤ ᠪᠤᠰᠤᠳ ᠬᠦᠮᠣᠨ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠥᠷᠥᠯ ᠵᠦᠢᠯ ᠠᠴᠠ ᠠᠰᠢᠭ ᠲᠤᠰᠠ ᠭᠦᠭᠡᠭᠡᠴᠡᠯᠳᠣᠵᠦ ᠪᠣᠯᠬᠤ ᠦᠭᠡᠶ᠂ ᠬᠠᠤᠯᠢ ᠶᠣᠰᠣᠭᠠᠷ ᠨᠢᠭᠤᠴᠠ ᠶᠢ | ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠶ᠃ | ᠭᠤᠴᠢᠨ ᠳᠣᠯᠣᠳᠤᠭᠠᠷ ᠵᠦᠢᠯ ᠡᠯ᠎ᠡ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ | ᠵᠢᠴᠢ ᠠᠵᠢᠯᠲᠠᠨ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄ | ︵ᠨᠢᠭᠡ︶ ᠬᠢᠨᠠᠨ ᠵᠥᠪᠰᠢᠶᠡᠷᠡᠬᠦ᠂ ᠪᠦᠷᠢᠳᠭᠡᠨ ᠳᠠᠩᠰᠠᠯᠠᠬᠤ᠂ ᠰᠶᠢᠳᠭᠡᠨ ᠲᠣᠷᠭᠠᠬᠤ ᠵᠡᠷᠭᠡ ᠵᠠᠰᠠᠭ | ᠵᠠᠬᠢᠷᠭᠠᠨ ᠤ ᠬᠢᠨᠠᠯᠲᠠ ᠲᠠᠯᠪᠢᠯᠲᠠ ᠶᠢᠨ ᠡᠭᠦᠷᠭᠡ ᠴᠢᠳᠠᠪᠤᠷᠢ ᠶᠢ ᠬᠡᠷᠡᠭᠵᠢᠭᠦᠯᠬᠦ︔ | ︵ᠬᠤᠶᠠᠷ︶ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠭᠤᠯᠣᠨ ᠬᠤᠳᠠᠯᠳᠤᠬᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ᠂ ᠪᠠᠷᠢᠯᠭ᠎ᠠ ᠶᠢᠨ ᠦᠨ᠎ᠡ ᠵᠡᠷᠭᠡ ᠵᠠᠭᠤᠴᠢ ᠦᠢᠯᠡᠴᠢᠯᠡᠭᠡ ᠶᠢ | ᠬᠠᠤᠯᠢ ᠠᠴᠠ ᠵᠥᠷᠢᠴᠡᠨ ᠬᠢᠬᠦ ᠪᠤᠶᠤ ᠠᠯᠪᠠᠳᠠᠯᠭ᠎ᠠ ᠪᠠᠷ ᠲᠣᠭᠲᠠᠭᠠᠬᠤ︔ | ︵ᠭᠤᠷᠪᠠ︶ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠶᠣᠰᠣᠭᠠᠷ ᠪᠥᠲᠥᠭᠡᠨ ᠪᠠᠶᠢᠭᠤᠯᠵᠤ | ᠡᠵᠡᠩᠨᠡᠵᠦ ᠪᠠᠶᠢᠭ᠎ᠠ ᠡᠯᠧᠺᠲᠷᠣᠨ ᠠᠷᠠᠯᠵᠢᠶᠠᠨ ᠤ ᠰᠢᠰᠲ᠋ᠧᠮ ᠢ ᠭᠠᠳᠠᠭᠤᠷᠴᠢᠯᠠᠬᠤ᠂ ᠬᠢᠵᠠᠭᠠᠷᠯᠠᠬᠤ︔ | ︵ᠲᠦᠷᠪᠡ︶ ᠠᠵᠢᠯ ᠤᠨ ᠳᠥᠭᠦᠮ ᠢᠶᠠᠨ ᠠᠰᠢᠭᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠥᠷᠥᠯ ᠵᠦᠢᠯ ᠠᠴᠠ ᠠᠰᠢᠭ ᠲᠤᠰᠠ ᠬᠦᠭᠡᠭᠡᠴᠡᠯᠳᠣᠭᠦ ᠪᠤᠶᠤ ᠪᠤᠰᠤᠳ ᠬᠦᠮᠣᠨ ᠳᠤ ᠠᠰᠢᠭ ᠲᠤᠰᠠ | ᠬᠦᠭᠡᠭᠡᠴᠡᠯᠳᠣᠭᠦ︔ | ︵ᠲᠠᠪᠤ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ | ᠵᠠᠳᠠᠷᠠᠭᠤᠯᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠠᠵᠢᠯᠯᠠᠭ᠎ᠠ᠃ | ᠭᠤᠴᠢᠨ ᠨᠠᠢᠮᠠᠳᠤᠭᠠᠷ ᠵᠦᠢᠯ ᠲᠥᠷᠥᠯ ᠵᠦᠢᠯ ᠡᠭᠦᠰᠬᠡᠭᠴᠢ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ | ᠪᠠᠶᠢᠵᠤ ᠪᠣᠯᠬᠤ ᠦᠭᠡᠶ᠄ | ︵ᠨᠢᠭᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠲᠥᠷᠥᠯ | ᠵᠦᠢᠯ ᠢ ᠪᠦᠬᠦᠯᠢ ᠴᠤᠭᠴᠠ ᠶᠢ ᠬᠡᠰᠡᠭᠯᠡᠨ ᠰᠠᠯᠭᠠᠬᠤ ᠪᠤᠶᠤ ᠪᠤᠰᠤᠳ ᠠᠷᠭ᠎ᠠ ᠮᠠᠶ᠋ᠢᠭ ᠠᠪᠴᠤ᠂ ᠬᠠᠤᠯᠢ ᠶᠣᠰᠣᠭᠠᠷ | ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠰᠬᠢᠬᠦ ᠪᠤᠶᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠳᠤ ᠣᠷᠣᠭᠤᠯᠤᠨ ᠠᠷᠠᠯᠵᠢᠶᠠᠯᠠᠬᠤ ᠠᠴᠠ ᠵᠠᠶᠢᠯᠠᠰᠭᠢᠬᠦ︔ | ︵ᠬᠤᠶᠠᠷ︶ ᠨᠢᠭᠤᠭᠳᠠᠮᠠᠯ ᠪᠠᠶᠢᠭ᠎ᠠ ᠲᠥᠷᠥᠯ ᠵᠦᠢᠯ ᠳᠠᠭᠠᠭᠴᠢ ᠪᠤᠶᠤ ᠲᠥᠷᠥᠯ ᠵᠦᠢᠯ ᠳᠠᠭᠠᠭᠴᠢ ᠶᠢ ᠵᠦᠶ | ᠪᠤᠰᠤ ᠨᠥᠬᠦᠴᠡᠯ ᠪᠤᠶᠤ ᠬᠠᠤᠯᠢ ᠪᠤᠰᠤ ᠠᠷᠭ᠎ᠠ ᠮᠠᠶ᠋ᠢᠭ ᠢᠶᠠᠷ ᠬᠢᠵᠠᠭᠠᠷᠯᠠᠬᠤ᠂ ᠭᠠᠳᠠᠭᠤᠷᠴᠢᠯᠠᠬᠤ᠂ ᠠᠯᠠᠭᠴᠢᠯᠠᠬᠤ︔ | ︵ᠭᠤᠷᠪᠠ︶ ᠰᠦᠯᠪᠡᠭᠡᠯᠳᠦᠨ ᠠᠷᠠᠯᠵᠢᠶᠠᠯᠠᠬᠤ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ ᠤᠯᠤᠰ ᠤᠨ | ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ ᠶᠣᠰᠣᠨ ᠤ ᠡᠷᠬᠡ | ᠠᠰᠢᠭ ᠢ ᠬᠤᠬᠢᠷᠠᠭᠤᠯᠬᠤ︔ | ︵ᠲᠦᠷᠪᠡ︶ ᠳᠠᠭᠠᠭᠠᠴᠢᠯᠠᠯᠲᠠ ᠣᠯᠣᠭᠴᠢ᠂ ᠠᠷᠠᠯᠵᠢᠶ᠎ᠠ ᠪᠦᠲᠦᠭᠰᠡᠨ ᠬᠦᠮᠦᠨ ᠢ ᠬᠠᠤᠯᠢ ᠪᠠᠷ ᠲᠣᠭᠲᠠᠭᠠᠭᠰᠠᠨ | ᠳᠡᠰ ᠳᠠᠷᠠᠭᠠᠯᠠᠯ ᠶᠣᠰᠣᠭᠠᠷ ᠲᠣᠭᠲᠠᠭᠠᠭᠰᠠᠨ ᠦᠭᠡᠢ︔ | ︵ᠲᠠᠪᠤ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠷᠠᠯᠵᠢᠶᠠᠨ ᠤ ᠭᠡᠷ᠎ᠡ ᠲᠣᠭᠲᠠᠬᠤ ᠶᠢ ᠲᠡᠪᠴᠢᠬᠦ᠂ | ᠨᠡᠮᠡᠯᠲᠡ ᠨᠥᠬᠦᠴᠡᠯ ᠳᠤᠷᠠᠳᠬᠤ ᠪᠤᠶᠤ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠵᠦᠪᠯᠡᠯᠴᠡᠭᠡᠷ ᠢ | ᠲᠠᠬᠢᠨ ᠲᠣᠭᠲᠠᠭᠠᠬᠤ︔ | ︵ᠵᠢᠷᠭᠤᠭ᠎ᠠ︶ ᠪᠠᠲᠤᠯᠠᠭ᠎ᠠ ᠶᠢᠨ ᠮᠥᠩᠭᠦ ᠶᠢ ᠨᠡᠭᠦᠯᠭᠡᠨ ᠬᠡᠷᠡᠭᠯᠡᠬᠦ︔ | ︵ᠳᠤᠯᠤᠭ᠎ᠠ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ | ᠵᠠᠳᠠᠷᠠᠭᠤᠯᠬᠤ︔ | ︵ᠨᠠᠢᠮᠠ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠤᠶᠤ | ᠬᠤᠳᠠᠯ ᠬᠠᠭᠤᠷᠮᠠᠭ ᠪᠠᠶᠢᠳᠠᠯ ᠬᠠᠩᠭᠠᠬᠤ︔ | ︵ᠶᠢᠰᠦ︶ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ᠠᠷᠠᠯᠵᠢᠶᠠᠯᠠᠭᠰᠠᠨ ᠦᠭᠡᠢ ᠪᠤᠶᠤ ᠲᠥᠷᠥᠯ | ᠵᠦᠢᠯ ᠤᠨ ᠠᠷᠠᠯᠵᠢᠶ᠎ᠠ ᠶᠢ ᠳᠤᠷ᠎ᠠ ᠪᠠᠷ ᠳᠤᠷᠭᠤᠨ ᠵᠣᠭᠰᠣᠭᠠᠬᠤ ᠪᠠ ᠳᠠᠭᠤᠰᠬᠠᠬᠤ︔ | ︵ᠠᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠭᠤᠴᠢ ᠶᠢᠰᠦᠳᠦᠭᠡᠷ ᠵᠦᠢᠯ ᠲᠥᠷᠥᠯ ᠵᠦᠢᠯ ᠳᠠᠭᠠᠭᠴᠢ ᠳᠤ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ | ᠪᠠᠶᠢᠵᠤ ᠪᠣᠯᠬᠤ ᠦᠭᠡᠶ᠄ | ︵ᠨᠢᠭᠡ︶ ᠪᠤᠰᠤᠳ ᠬᠥᠮᠦᠨ ᠤ ᠨᠡᠷ᠎ᠡ ᠪᠠᠷ᠂ ᠵᠢᠭᠡᠯᠡᠭᠰᠡᠨ ᠬᠢᠷᠢ ᠬᠡᠮ ᠢᠶᠠᠷ᠂ ᠥᠪᠡᠷ ᠤᠨ ᠥᠷᠲᠡᠭ ᠠᠴᠠ | ᠳᠣᠣᠷ᠎ᠠ ᠮᠡᠳᠡᠭᠦᠯᠦᠭᠰᠡᠨ ᠦᠨ᠎ᠡ ᠪᠠᠷ ᠳᠠᠭᠠᠭᠠᠴᠢᠯᠠᠯᠲᠠ ᠥᠷᠢᠰᠦᠯᠳᠦᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠬᠤᠳᠠᠯ | ᠬᠡᠯᠡᠵᠦ ᠬᠠᠭᠤᠷᠮᠠᠭᠯᠠᠨ ᠵᠣᠬᠢᠶᠠᠭᠠᠳ ᠳᠠᠭᠠᠭᠠᠴᠢᠯᠠᠯᠲᠠ ᠣᠯᠬᠤ᠂ ᠠᠷᠠᠯᠵᠢᠬᠤ︔ | ︵ᠬᠤᠶᠠᠷ︶ ᠰᠥᠯᠪᠡᠭᠡᠯᠳᠦᠬᠦ᠂ ᠬᠡᠭᠡᠯᠢ ᠲᠦᠯᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ | ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠥᠨ ᠤ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠵᠤ᠂ ᠲᠥᠪ ᠭᠤᠣᠯᠴᠢ ᠥᠷᠢᠰᠦᠯᠳᠦᠭᠡᠨ ᠢ ᠬᠠᠷᠰᠢᠯᠠᠬᠤ︔ | ︵ᠭᠤᠷᠪᠠ︶ ᠠᠷᠠᠯᠵᠢᠶᠠᠨ ᠤ ᠲᠥᠷᠥᠯ ᠵᠦᠢᠯ ᠤᠨ ᠳᠠᠭᠠᠭᠠᠴᠢᠯᠠᠯᠲᠠ ᠣᠯᠬᠤ᠂ ᠠᠷᠠᠯᠵᠢᠬᠤ ᠬᠢᠷᠢ ᠬᠡᠮ ᠢᠶᠠᠨ | ᠳᠤᠷ᠎ᠠ ᠪᠠᠷ ᠲᠠᠶᠠᠭᠳᠠᠵᠤ᠂ ᠵᠦᠶ ᠶᠣᠰᠣᠨ ᠤ ᠰᠢᠯᠲᠠᠭᠠᠨ ᠥᠬᠡᠶ ᠪᠠᠷ ᠠᠷᠠᠯᠵᠢᠶᠠᠨ ᠤ ᠭᠡᠷ᠎ᠡ ᠲᠣᠭᠲᠠᠬᠤ ᠶᠢ ᠲᠡᠪᠴᠢᠬᠦ | ᠪᠤᠶᠤ ᠭᠡᠷ᠎ᠡ ᠶᠢᠨ ᠮᠥᠨ ᠴᠢᠨᠠᠷ ᠤᠨ ᠠᠭᠤᠯᠭ᠎ᠠ ᠠᠴᠠ ᠲᠡᠷᠰᠯᠡᠭᠰᠡᠨ ᠵᠦᠪᠯᠡᠯᠴᠡᠭᠡᠷ ᠢ ᠳᠠᠬᠢᠨ ᠲᠣᠭᠲᠠᠭᠠᠬᠤ︔ | ︵ᠲᠦᠷᠪᠡ︶ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠢᠶᠠᠨ ᠪᠤᠰᠤᠳ ᠬᠥᠮᠦᠨ ᠳᠤ ᠰᠢᠯᠵᠢᠭᠦᠯᠦᠨ ᠥᠭᠬᠦ | ᠪᠤᠶᠤ ᠳᠠᠭᠠᠭᠠᠴᠢᠯᠠᠯᠲᠠ ᠣᠯᠤᠭᠰᠠᠨ ᠲᠥᠷᠥᠯ ᠵᠦᠢᠯ ᠢᠶᠠᠨ ᠰᠠᠯᠭᠠᠭᠰᠠᠨ ᠤ ᠳᠠᠷᠠᠭ᠎ᠠ ᠲᠤᠰ ᠲᠤᠰ ᠲᠤ ᠨᠢ ᠪᠤᠰᠤᠳ | ᠬᠥᠮᠥᠨ ᠳᠤ ᠰᠢᠯᠵᠢᠭᠦᠯᠦᠨ ᠥᠭᠬᠦ︔ | ︵ᠲᠠᠪᠤ︶ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠮᠠᠲ᠋ᠧᠷᠢᠶᠠᠯ ᠢ ᠬᠠᠭᠤᠷᠮᠠᠭᠯᠠᠨ ᠬᠢᠬᠦ ᠪᠤᠶᠤ ᠪᠤᠰᠤᠳ | ᠬᠠᠤᠯᠢ ᠪᠤᠰᠤ ᠠᠷᠭ᠎ᠠ ᠪᠠᠷᠢᠯ ᠢᠶᠠᠷ ᠭᠡᠷᠡᠴᠢᠯᠡᠬᠦ ᠮᠠᠲ᠋ᠧᠷᠢᠶᠠᠯ ᠣᠯᠵᠤ ᠠᠪᠤᠭᠠᠳ ᠰᠡᠵᠢᠭᠯᠡᠯ᠂ ᠣᠨᠳᠣᠣ ᠰᠠᠨᠠᠯ | ᠳᠤᠷᠠᠳᠬᠤ᠂ ᠵᠠᠭᠠᠯᠳᠤᠯᠭ᠎ᠠ ᠬᠢᠬᠦ︔ | ︵ᠵᠢᠷᠭᠤᠭ᠎ᠠ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ | ᠬᠤᠳᠠᠯ ᠬᠠᠭᠤᠷᠮᠠᠭ ᠪᠠᠶᠢᠳᠠᠯ ᠬᠠᠩᠭᠠᠬᠤ︔ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠳᠥᠴᠢᠳᠦᠭᠡᠷ ᠵᠦᠢᠯ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠳᠤ ᠳᠣᠣᠷ᠎ᠠ ᠵᠢᠭᠰᠠᠭᠠᠭᠰᠠᠨ | ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄ | ︵ᠨᠢᠭᠡ︶ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠬᠤ ᠪᠤᠶᠤ ᠪᠤᠰᠤᠳ ᠬᠤᠳᠠᠯ ᠬᠡᠯᠡᠵᠦ ᠬᠠᠭᠤᠷᠮᠠᠭᠯᠠᠨ | ᠵᠣᠬᠢᠶᠠᠬᠤ ᠠᠷᠭ᠎ᠠ ᠮᠠᠶ᠋ᠢᠭ ᠢᠶᠠᠷ ᠳᠠᠭᠠᠭᠠᠴᠢᠯᠠᠯᠲᠠ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠳᠤ | ᠣᠷᠣᠬᠤ︔ | ︵ᠬᠤᠶᠠᠷ︶ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠡᠭᠦᠰᠬᠡᠭᠴᠢ᠂ ᠵᠠᠭᠤᠴᠢ ᠦᠢᠯᠡᠴᠢᠯᠡᠭᠡᠨ ᠤ | ᠪᠠᠶᠢᠭᠤᠯᠤᠮᠵᠢ᠂ ᠲᠥᠷᠥᠯ ᠵᠦᠢᠯ ᠳᠠᠭᠠᠭᠴᠢ᠂ ᠳᠠᠭᠠᠭᠠᠴᠢᠯᠠᠯᠲᠠ ᠬᠢᠨᠠᠨ ᠦᠨᠡᠯᠡᠬᠦ ᠪᠤᠰᠤᠳ ᠲᠤᠰᠬᠠᠶ ᠮᠡᠷᠭᠡᠵᠢᠯᠲᠡᠨ | ᠪᠤᠶᠤ ᠠᠰᠢᠭ ᠬᠤᠤᠷ ᠤᠨ ᠬᠠᠷᠢᠴᠠᠭ᠎ᠠ ᠲᠠᠢ ᠪᠤᠰᠤᠳ ᠬᠥᠮᠦᠨ ᠲᠠᠢ ᠰᠥᠯᠪᠡᠭᠡᠯᠳᠦᠨ ᠤᠯᠤᠰ ᠤᠨ ᠠᠰᠢᠭ ᠲᠤᠰᠠ᠂ | ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠬᠤ︔ | ︵ᠭᠤᠷᠪᠠ︶ ᠳᠠᠭᠠᠭᠠᠴᠢᠯᠠᠯᠲᠠ ᠬᠢᠨᠠᠨ ᠦᠨᠡᠯᠡᠬᠦ ᠲᠥᠷᠥᠯ ᠵᠦᠢᠯ ᠤᠨ ᠲᠥᠷᠥᠯ ᠵᠦᠢᠯ ᠡᠭᠦᠰᠬᠡᠭᠴᠢ᠂ ᠵᠠᠭᠤᠴᠢ | ᠦᠢᠯᠡᠴᠢᠯᠡᠭᠡᠨ ᠤ ᠪᠠᠶᠢᠭᠤᠯᠤᠮᠵᠢ᠂ ᠲᠥᠷᠥᠯ ᠵᠦᠢᠯ ᠳᠠᠭᠠᠭᠴᠢ ᠪᠤᠶᠤ ᠠᠰᠢᠭ ᠬᠤᠤᠷ ᠤᠨ ᠬᠠᠷᠢᠴᠠᠭ᠎ᠠ ᠲᠠᠢ ᠪᠤᠰᠤᠳ | ᠬᠥᠮᠦᠨ ᠯᠦᠭᠡ ᠳᠠᠯᠳᠠᠭᠤᠷ ᠬᠠᠷᠢᠯᠴᠠᠵᠤ᠂ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠠᠴᠠ ᠭᠠᠳᠠᠨᠠᠬᠢ ᠡᠳ᠋ | ᠪᠣᠳᠠᠰ ᠪᠤᠶᠤ ᠪᠤᠰᠤᠳ ᠠᠰᠢᠭ ᠨᠡᠬᠡᠭᠦ᠂ ᠬᠦᠯᠢᠶᠡᠵᠣ ᠠᠪᠬᠤ︔ | ︵ᠲᠦᠷᠪᠡ︶ ᠳᠠᠭᠠᠭᠠᠴᠢᠯᠠᠯᠲᠠ ᠣᠯᠣᠭᠴᠢ᠂ ᠠᠷᠠᠯᠵᠢᠶ᠎ᠠ ᠪᠦᠳᠣᠭᠦ ᠬᠦᠮᠦᠨ ᠢ ᠲᠣᠭᠲᠠᠬᠤ ᠲᠣᠬᠠᠢ ᠲᠥᠷᠥᠯ | ᠵᠦᠢᠯ ᠡᠭᠦᠰᠬᠡᠭᠴᠢ ᠶᠢᠨ ᠰᠠᠨᠠᠮᠵᠢ ᠶᠢ ᠬᠤᠷᠢᠶᠠᠬᠤ ᠪᠤᠶᠤ ᠶᠠᠮᠠᠷᠪᠠ ᠨᠢᠭᠡᠴᠢ᠂ ᠬᠤᠪᠢ ᠬᠥᠮᠥᠨ ᠤ ᠳᠤᠷᠠᠳᠤᠭᠰᠠᠨ | ᠬᠡᠯᠪᠠᠶᠢᠬᠦ ᠴᠢᠨᠠᠷᠲᠠᠢ᠂ ᠭᠠᠳᠠᠭᠤᠷᠴᠢᠯᠠᠬᠤ ᠴᠢᠨᠠᠷᠲᠠᠢ ᠰᠠᠨᠠᠯ ᠢ ᠬᠦᠯᠢᠶᠡᠨ ᠠᠪᠬᠤ︔ | ︵ᠲᠠᠪᠤ︶ ᠲᠥᠷᠥᠯ ᠵᠦᠢᠯ ᠳᠠᠭᠠᠭᠴᠢ ᠶᠢ ᠬᠠᠣᠯᠢ ᠠᠴᠠ ᠵᠦᠷᠢᠴᠡᠨ ᠪᠢᠲᠡᠭᠦᠦ ᠳᠣᠬᠢᠬᠤ ᠪᠤᠶᠤ ᠥᠳᠥᠭᠡᠵᠦ | ᠪᠠᠶᠢᠭᠠᠳ ᠲᠣᠳᠣᠷᠬᠠᠶᠢᠯᠠᠯᠲᠠ᠂ ᠲᠠᠶᠢᠯᠪᠤᠷᠢᠯᠠᠯᠲᠠ ᠬᠢᠯᠭᠡᠭᠦ ᠪᠤᠶᠤ ᠲᠥᠷᠥᠯ ᠵᠦᠢᠯ ᠳᠠᠭᠠᠭᠴᠢ ᠶᠢᠨ | ᠰᠠᠨᠠᠭᠠᠴᠢᠯᠠᠭ᠎ᠠ ᠠᠴᠠ ᠪᠠᠨ ᠳᠤᠷᠠᠳᠤᠭᠰᠠᠨ ᠲᠣᠳᠣᠷᠬᠠᠶᠢᠯᠠᠯᠲᠠ᠂ ᠲᠠᠶᠢᠯᠪᠤᠷᠢᠯᠠᠯᠲᠠ ᠶᠢ ᠬᠠᠤᠯᠢ ᠠᠴᠠ ᠵᠦᠷᠢᠴᠡᠨ | ᠬᠦᠯᠢᠶᠡᠨ ᠠᠪᠬᠤ ᠵᠢᠴᠢ ᠪᠤᠰᠤᠳ ᠪᠤᠰᠤᠳᠴᠢ ᠪᠤᠰᠤ᠂ ᠲᠥᠪ ᠪᠤᠰᠤ ᠪᠠᠷ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠦᠢᠯᠡ ᠠᠵᠢᠯᠯᠠᠭ᠎ᠠ︔ | ︵ᠵᠢᠷᠭᠤᠭ᠎ᠠ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠳᠠᠭᠠᠭᠠᠴᠢᠯᠠᠯᠲᠠ | ᠦᠨᠡᠯᠡᠬᠦ ᠪᠠᠷᠢᠮᠵᠢᠶ᠎ᠠ ᠪᠠ ᠠᠷᠭ᠎ᠠ ᠶᠢᠨ ᠶᠣᠰᠣᠭᠠᠷ ᠳᠠᠭᠠᠭᠠᠴᠢᠯᠠᠯᠲᠠ ᠦᠨᠡᠯᠡᠬᠦ ᠦᠭᠡᠢ ᠪᠤᠶᠤ ᠬᠠᠤᠯᠢ ᠶᠣᠰᠣᠭᠠᠷ | ᠦᠭᠡᠶᠢᠰᠬᠡᠬᠦ ᠶᠣᠰᠣᠲᠠᠢ ᠳᠠᠭᠠᠭᠠᠴᠢᠯᠠᠯᠲᠠ ᠬᠦᠯᠢᠶᠡᠯᠲᠡ ᠳᠤ ᠦᠭᠡᠶᠢᠰᠬᠡᠬᠦ ᠰᠠᠨᠠᠯ ᠦᠯᠦ ᠳᠤᠷᠠᠳᠬᠤ︔ | ︵ᠳᠤᠯᠤᠭ᠎ᠠ︶ ᠬᠠᠤᠯᠢ ᠶᠣᠰᠣᠭᠠᠷ ᠵᠠᠶᠢᠯᠠᠬᠤ ᠴᠢᠬᠤᠯᠠᠲᠠᠢ ᠪᠣᠯᠪᠠᠴᠤ ᠦᠯᠦ ᠵᠠᠶᠢᠯᠠᠬᠤ︔ | ︵ᠨᠠᠢᠮᠠ︶ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠪᠤᠶᠤ ᠳᠠᠭᠠᠭᠠᠴᠢᠯᠠᠯᠲᠠ ᠬᠢᠨᠠᠨ ᠦᠨᠡᠯᠡᠬᠦ | ᠲᠤᠬᠠᠶ ᠶᠢᠨ ᠲᠠᠯᠠᠪᠣᠷ ᠤᠨ ᠡᠮᠬᠢ ᠳᠢᠭᠯᠢᠮ ᠢ ᠰᠠᠮᠠᠭᠤᠷᠠᠭᠤᠯᠬᠤ︔ | ︵ᠶᠢᠰᠦ︶ ᠳᠠᠭᠠᠭᠠᠴᠢᠯᠠᠯᠲᠠ ᠬᠢᠨᠠᠨ ᠦᠨᠡᠯᠡᠭᠰᠡᠨ ᠪᠠᠶᠢᠳᠠᠯ ᠢ ᠬᠠᠤᠯᠢ ᠠᠴᠠ ᠵᠥᠷᠢᠴᠡᠨ ᠵᠠᠳᠠᠷᠠᠭᠤᠯᠬᠤ ᠪᠤᠶᠤ | ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ︔ | ︵ᠠᠷᠪᠠ︶ ᠬᠠᠤᠯᠢ ᠶᠣᠰᠣᠭᠠᠷ ᠬᠡᠷᠡᠭᠵᠢᠭᠦᠯᠦᠭᠰᠡᠨ ᠬᠢᠨᠠᠯᠲᠠ᠂ ᠪᠠᠶᠢᠴᠠᠭᠠᠯᠳᠠ᠂ ᠪᠠᠶᠢᠴᠠᠭᠠᠬᠤ ᠠᠵᠢᠯ ᠢ | ᠲᠡᠪᠴᠢᠬᠦ ᠪᠤᠶᠤ ᠦᠯᠦ ᠬᠠᠮᠵᠢᠬᠤ᠂ ᠦᠯᠣ ᠬᠠᠮᠵᠢᠯᠴᠠᠬᠤ︔ | ︵ᠠᠷᠪᠠᠨ ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ | ᠃ | ᠳᠥᠴᠢᠨ ᠨᠢᠭᠡᠳᠦᠭᠡᠷ ᠵᠦᠢᠯ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ ᠠᠵᠢᠯᠲᠠᠨ ᠳᠤ | ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄ | ︵ᠨᠢᠭᠡ︶ ᠰᠥᠯᠪᠡᠭᠡᠯᠳᠦᠬᠦ᠂ ᠬᠡᠭᠡᠯᠢ ᠲᠦᠯᠬᠢᠬᠦ ᠪᠤᠶᠤ ᠪᠤᠰᠤᠳ ᠬᠠᠤᠯᠢ ᠪᠤᠰᠤ ᠠᠷᠭ᠎ᠠ ᠮᠠᠶ᠋ᠢᠭ ᠢᠶᠠᠷ | ᠤᠯᠤᠰ ᠤᠨ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠪᠤᠰᠤᠳ ᠬᠦᠮᠣᠨ ᠤ ᠬᠠᠤᠯᠢ | ᠶᠣᠰᠣᠨ ᠤ ᠡᠷᠬᠡ ᠠᠰᠢᠭ ᠢ ᠬᠤᠬᠢᠷᠠᠭᠤᠯᠬᠤ︔ | ︵ᠬᠤᠶᠠᠷ︶ ᠬᠠᠳᠠᠭᠠᠯᠠᠬᠤ ᠶᠤᠰᠤᠲᠠᠢ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠢᠭᠤᠨ ᠲᠠᠯᠳᠠᠯᠠᠬᠤ᠂ | ᠤᠰᠠᠳᠬᠠᠬᠤ ᠪᠤᠶᠤ ᠠᠷᠠᠯᠵᠢᠶᠠᠨ ᠤ ᠪᠢᠴᠢᠭ ᠮᠠᠲ᠋ᠧᠷᠢᠶᠠᠯ ᠢ ᠬᠠᠭᠤᠷᠮᠠᠭ ᠢᠶᠠᠷ ᠵᠤᠬᠢᠶᠠᠬᠤ᠂ ᠬᠤᠪᠢᠷᠠᠭᠤᠯᠤᠨ | ᠵᠤᠬᠢᠶᠠᠬᠤ︔ | ︵ᠭᠤᠷᠪᠠ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ | ᠵᠠᠳᠠᠷᠠᠭᠤᠯᠬᠤ︔ | ︵ᠲᠦᠷᠪᠡ︶ ᠵᠢᠭᠠᠨ ᠲᠣᠭᠲᠠᠭᠠᠭᠰᠠᠨ ᠵᠠᠭᠤᠴᠢ ᠳᠤ ᠠᠷᠠᠯᠵᠢᠶᠠᠨ ᠤ ᠮᠡᠳᠡᠭᠡ ᠵᠠᠩᠭᠢ ᠶᠢ ᠦᠯᠦ ᠨᠡᠶᠢᠲᠡᠯᠡᠭᠰᠡᠨ | ᠪᠤᠶᠤ ᠠᠳᠠᠯᠢ ᠪᠤᠰᠤ ᠵᠠᠭᠤᠴᠢ ᠳᠤ ᠨᠡᠶᠢᠲᠡᠯᠡᠭᠰᠡᠨ ᠠᠷᠠᠯᠵᠢᠶᠠᠨ ᠤ ᠮᠡᠳᠡᠭᠡ ᠵᠠᠩᠭᠢ ᠨᠢ ᠨᠢᠭᠡᠳᠦᠯ ᠦᠭᠡᠢ ᠪᠠᠶᠢᠬᠤ︔ | ︵ᠲᠠᠪᠤ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ | ᠬᠤᠳᠠᠯ ᠬᠠᠭᠤᠷᠮᠠᠭ ᠪᠠᠶᠢᠳᠠᠯ ᠬᠠᠩᠭᠠᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠳᠥᠴᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ | ᠰᠢᠰᠲ᠋ᠧᠮ ᠢ ᠠᠵᠢᠯᠯᠠᠭᠤᠯᠵᠤ ᠬᠠᠮᠠᠭᠠᠯᠠᠬᠤ ᠪᠠᠶᠢᠭᠤᠯᠤᠮᠵᠢ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠪᠠᠶᠢᠵᠤ | ᠪᠣᠯᠬᠤ ᠦᠭᠡᠢ᠄ | ︵ᠨᠢᠭᠡ︶ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠰᠦᠯᠪᠡᠭᠡᠯᠳᠦᠨ ᠠᠷᠠᠯᠵᠢᠶᠠᠯᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠳᠥᠭᠦᠮ ᠦᠵᠡᠭᠦᠯᠬᠦ︔ | ︵ᠬᠤᠶᠠᠷ︶ ᠠᠷᠠᠯᠵᠢᠶᠠᠨ ᠤ ᠮᠡᠳᠡᠭᠡ ᠵᠠᠩᠭᠢ ᠶᠢ ᠬᠠᠭᠤᠷᠮᠠᠭᠯᠠᠨ ᠵᠣᠬᠢᠶᠠᠬᠤ᠂ ᠦᠭᠡᠷᠡᠲᠦᠭᠦᠯᠬᠦ᠂ ᠡᠪᠳᠡᠨ | ᠰᠦᠢᠳᠬᠡᠬᠦ᠂ ᠮᠡᠳᠡᠭᠡ ᠵᠠᠩᠭᠢ ᠳ᠋ᠠᠶᠢᠲ᠋ᠠ ᠶᠢ ᠳᠤᠷ᠎ᠠ ᠪᠠᠷ ᠰᠤᠷᠪᠤᠯᠵᠢᠯᠠᠬᠤ᠂ ᠣᠯᠵᠣ ᠬᠦᠷᠳᠡᠭᠦ᠂ ᠬᠠᠳᠠᠭᠠᠯᠠᠬᠤ᠂ | ᠬᠡᠷᠡᠭᠯᠡᠬᠦ᠂ ᠵᠠᠳᠠᠷᠠᠭᠤᠯᠬᠤ᠂ ᠪᠤᠰᠤᠳ ᠬᠦᠮᠣᠨ ᠳᠤ ᠬᠠᠩᠭᠠᠬᠤ ᠪᠤᠶᠤ ᠮᠡᠳᠡᠭᠡ ᠵᠠᠩᠭᠢ ᠳ᠋ᠠᠶᠢᠲ᠋ᠠ ᠳᠤ | ᠬᠤᠯᠪᠣᠭᠳᠠᠭᠤᠯᠣᠨ ᠵᠠᠳᠠᠯᠣᠯᠳᠡ ᠬᠢᠭᠦ︔ | ︵ᠭᠤᠷᠪᠠ︶ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠷᠠᠯᠵᠢᠶᠠᠨ ᠤ ᠮᠡᠳᠡᠭᠡ ᠵᠠᠩᠭᠢ ᠶᠢ | ᠵᠠᠳᠠᠷᠠᠭᠤᠯᠬᠤ︔ | ︵ᠲᠦᠷᠪᠡ︶ ᠪᠦᠲᠦᠮᠵᠢᠲᠡᠶ ᠮᠡᠷᠭᠡᠵᠢᠯ ᠤᠨ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠣᠯᠵᠤ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠵᠠᠳᠠᠷᠠᠭᠤᠯᠬᠤ᠂ ᠡᠪᠳᠡᠨ ᠰᠦᠢᠳᠭᠡᠬᠦ᠂ | ᠭᠡᠭᠡᠭᠳᠡᠭᠦᠯᠬᠦ︔ | ︵ᠲᠠᠪᠤ︶ ᠭᠡᠷ᠎ᠡ ᠳᠤ ᠪᠣᠯᠵᠣᠨ ᠲᠣᠭᠲᠠᠭᠰᠠᠨ ᠵᠦᠢᠯ ᠠᠴᠠ ᠵᠥᠷᠢᠴᠡᠨ ᠲᠠᠪᠴᠠᠩ ᠤᠨ ᠡᠯᠧᠺᠲᠷᠣᠨ ᠰᠢᠰᠲ᠋ᠧᠮ ᠢ | ᠠᠰᠢᠭᠯᠠᠨ ᠴᠤᠭ ᠪᠣᠭᠤᠵᠢᠯᠠᠬᠤ᠂ ᠬᠡᠯᠪᠡᠷᠢ ᠶᠢ ᠨᠢ ᠥᠭᠡᠷᠡᠲᠦᠭᠦᠯᠬᠦ᠂ ᠳᠠᠪᠬᠤᠷᠳᠠᠭᠤᠯᠤᠨ ᠰᠦᠢᠳᠬᠡᠯ ᠬᠤᠷᠢᠶᠠᠬᠤ︔ | ︵ᠵᠢᠷᠭᠤᠭ᠎ᠠ︶ ᠬᠠᠤᠯᠢ ᠶᠣᠰᠤᠭᠠᠷ ᠬᠡᠷᠡᠭᠵᠢᠭᠦᠯᠦᠭᠰᠡᠨ ᠬᠢᠨᠠᠨ ᠪᠠᠶᠢᠴᠠᠭᠠᠯᠲᠠ ᠶᠢ ᠲᠡᠪᠴᠢᠬᠦ᠂ ᠬᠠᠷᠰᠢᠯᠠᠬᠤ ᠪᠣᠶᠤ | ᠬᠤᠳᠠᠯ ᠬᠠᠭᠤᠷᠮᠠᠭ ᠪᠠᠶᠢᠳᠠᠯ ᠬᠠᠩᠭᠠᠬᠤ︔ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃ | ᠳᠥᠴᠢᠨ ᠭᠤᠷᠪᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠭᠡᠳ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤᠮᠳᠠᠬᠢ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ | ᠬᠦᠯᠢᠶᠡᠨ ᠠᠪᠤᠭᠰᠠᠨ ᠰᠠᠯᠠᠭ᠎ᠠ ᠮᠥᠴᠢᠷ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠵᠦ᠂ ᠵᠠᠭᠠᠯᠳᠤᠭᠴᠢ᠂ | ᠢᠯᠡᠴᠢᠯᠡᠨ ᠮᠡᠳᠡᠭᠦᠯᠦᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠵᠤ᠂ ᠵᠠᠭᠠᠯᠳᠤᠭᠴᠢ᠂ | ᠢᠯᠡᠴᠢᠯᠡᠨ ᠮᠡᠳᠡᠭᠦᠯᠦᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠶ᠃ | ᠵᠢᠷᠭᠤᠳᠤᠭᠠᠷ ᠪᠦᠯᠦᠭ ᠬᠠᠤᠯᠢ ᠴᠠᠭᠠᠵᠡ ᠶᠢᠨ ᠬᠠᠷᠢᠭᠤᠴᠠᠯᠭ᠎ᠠ | ᠳᠥᠴᠢᠨ ᠳᠥᠷᠪᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ | ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃ | ᠳᠥᠴᠢᠨ ᠲᠠᠪᠤᠳᠤᠭᠠᠷ ᠵᠦᠢᠯ ᠲᠤᠰ ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠵᠦ᠂ ᠨᠢᠭᠡᠨᠳᠡ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ | ᠲᠥᠷᠥᠯ ᠵᠦᠢᠯ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢᠶᠠᠷ ᠠᠷᠠᠯᠵᠢᠶᠠᠯᠠᠭᠰᠠᠨ | ᠦᠭᠡᠶ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠲᠠᠯᠪᠢᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ︔ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ ᠰᠡᠷᠡᠮᠵᠢᠯᠡᠭᠦᠯᠭᠦ ᠪᠤᠶᠤ | ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠨ᠎ᠡ᠃ | ᠳᠥᠴᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭᠠᠨ ᠳᠤ | ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠶᠢᠨ | ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠣᠯ᠂ ᠡᠷᠬᠡᠲᠦ ᠪᠠᠶᠢᠭᠤᠯᠭ᠎ᠠ ᠠᠴᠠ ᠰᠢᠭᠤᠳ ᠬᠠᠷᠢᠭᠤᠴᠠᠵᠤ | ᠪᠠᠶᠢᠭ᠎ᠠ ᠭᠤᠤᠯᠴᠢᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ | ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠳᠣᠯᠣᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠡᠭᠦᠰᠬᠡᠭᠴᠢ ᠭᠡᠳᠡᠭ ᠲᠤ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠭᠠᠴᠢᠯᠠᠯᠲᠠ | ᠵᠠᠷᠯᠠᠭᠴᠢ᠂ ᠬᠤᠳᠠᠯᠳᠤᠨ ᠠᠪᠤᠭᠴᠢ᠂ ᠲᠦᠯᠦᠪᠦᠷᠢᠲᠡᠢ ᠰᠢᠯᠵᠢᠭᠦᠯᠦᠭᠴᠢ᠂ ᠰᠢᠯᠵᠢᠭᠦᠯᠦᠨ ᠥᠭᠭᠦᠭᠴᠢ ᠵᠡᠷᠭᠡ | ᠪᠠᠭᠲᠠᠨ᠎ᠠ︔ ᠲᠤᠰ ᠠᠷᠭ᠎ᠠ ᠳᠤ ᠬᠡᠯᠡᠵᠦ ᠪᠠᠶᠢᠭ᠎ᠠ ᠲᠥᠷᠥᠯ ᠵᠦᠢᠯ ᠳᠠᠭᠠᠭᠴᠢ ᠭᠡᠳᠡᠭ ᠲᠤ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠭᠰᠠᠨ ᠳᠠᠭᠠᠭᠠᠴᠢᠯᠠᠯᠲᠠ ᠬᠦᠯᠢᠶᠡᠭᠴᠢ᠂ ᠬᠠᠩᠭᠠᠯᠭ᠎ᠠ ᠶᠢᠨ | ᠬᠤᠳᠠᠯᠳᠤᠭᠠᠴᠢᠨ᠂ ᠥᠷᠢᠰᠥᠯᠳᠦᠨ ᠬᠤᠳᠠᠯᠳᠤᠨ ᠠᠪᠤᠭᠴᠢ ᠵᠡᠷᠭᠡ ᠪᠠᠭᠲᠠᠨ᠎ᠠ᠃ | ᠳᠥᠴᠢᠨ ᠨᠠᠢᠮᠠᠳᠤᠭᠠᠷ ᠵᠦᠢᠯ ᠲᠤᠰ ᠠᠷᠭ᠎ᠠ ᠶᠢ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | |