ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/2/28
    ᠶᠤᠸᠠᠨ ᠪᠦᠦ ᠱᠠᠨ ᠲᠣᠭᠤᠷᠢᠭ ᠤᠨ ︽ᠠᠷᠪᠠᠨ ᠶᠡᠭᠡ ᠠᠵᠢᠯᠯᠠᠭ᠎ᠠ︾᠎ ᠶᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠶᠤᠸᠠᠨ ᠪᠦᠦ ᠱᠠᠨ ᠲᠣᠭᠤᠷᠢᠭ ᠤᠨ ︿ᠠᠷᠪᠠᠨ ᠶᠡᠭᠡ ᠠᠵᠢᠯᠯᠠᠭ᠎ᠠ﹀᠎ ᠶᠢ ᠨᠠᠶᠢᠳᠠᠪᠤᠷᠢᠵᠢᠭᠤᠯᠵᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ︵ᠶᠠᠷᠢᠯᠴᠠᠬᠤ ᠨᠣᠤᠷᠠᠭ︶᠎ ᠶᠢ ᠬᠢᠨᠠᠨ ᠵᠥᠪᠯᠡᠵᠦ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠯᠭᠠᠭᠤᠷᠢᠯᠠᠬᠤ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠪᠠ ᠬᠥᠰᠢᠭᠦᠷᠭᠡ ᠶᠢᠨ ᠴᠢᠨᠠᠷᠲᠠᠶ ︽ᠠᠷᠪᠠᠨ ᠶᠡᠭᠡ ᠠᠵᠢᠯᠯᠠᠭ᠎ᠠ︾᠎ ᠶᠢ ᠡᠬᠢᠯᠡᠭᠦᠯᠦᠨ ᠬᠡᠷᠡᠭᠵᠢᠭᠦᠯᠬᠦ ᠪᠣᠯ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠳᠤ ᠳᠤᠷᠠᠳᠤᠭᠰᠠᠨ ᠨᠢᠭᠡᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠤᠯ ᠭᠠᠷᠳᠠᠴᠠ ᠮᠥᠨ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠳᠣᠭᠢᠷᠠᠭᠤᠯᠤᠨ ᠠᠬᠢᠭᠤᠯᠬᠤ ᠪᠠᠨ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1