ᠮᠠᠨ ᠤ ᠣᠷᠣᠨ ᠡᠨᠧᠷᠭᠢ ᠨᠦᠭᠡᠴᠡᠯᠡᠬᠦ ᠲᠥᠷᠥᠯ ᠤᠨ ᠤᠯᠤᠰ ᠤᠨ ᠲᠠᠰ ᠤᠨ ᠭᠤᠤᠯᠳᠠᠯᠭ᠎ᠠ ᠪᠣᠯᠬᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠡᠬᠢᠯᠡᠭᠦᠯᠵᠦ᠂ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ ᠳᠤ ᠰᠢᠢᠳᠪᠦᠷᠢᠯᠡᠬᠦ ᠲᠥᠰᠦᠯ ᠬᠠᠩᠭᠠᠪᠠ᠃ ᠣᠶᠢᠷ᠎ᠠ ᠳᠤ᠂ | ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠪᠣᠯᠬᠤ ︽ᠡᠨᠧᠷᠭᠢ ᠨᠦᠭᠡᠴᠡᠯᠡᠬᠦ ᠪᠠ ᠣᠶᠤᠨᠲᠤ | ᠴᠠᠬᠢᠯᠭᠠᠨ ᠬᠦᠦᠴᠨ ᠤ ᠲᠣᠣᠷ︾ ᠤᠨ ᠲᠤᠰᠬᠠᠢ ᠲᠦᠷᠦᠯ ᠵᠦᠢᠯ ᠤᠨ ︽ᠦᠨᠳᠦᠷ ᠬᠠᠷᠢᠴᠠᠯ ᠪᠦᠬᠦᠢ ᠰᠢᠨ᠎ᠡ | ᠡᠨᠧᠷᠭᠢ ᠶᠢ ᠵᠠᠯᠭᠠᠨ ᠤᠭᠰᠠᠷᠠᠭᠰᠠᠨ ᠴᠠᠬᠢᠯᠭᠠᠨ ᠬᠦᠴᠦᠨ ᠤ ᠲᠣᠣᠷ ᠤᠨ ᠲᠣᠭᠲᠠᠩᠭᠤᠢ ᠪᠠᠷ ᠲᠤᠯᠭᠠᠭᠤᠷᠢᠯᠠᠬᠤ | ᠬᠡᠯᠪᠡᠷᠢ ᠶᠢᠨ ᠵᠠᠭᠤᠨ ᠰᠠᠶ᠎ᠠ ᠸᠠᠲ ᠤᠨ ᠳᠡᠰ ᠤᠨ ᠬᠤᠯᠢᠮᠠᠭ ᠡᠨᠧᠷᠭᠢ ᠬᠠᠳᠠᠭᠠᠯᠠᠬᠤ ᠮᠡᠷᠭᠡᠵᠢᠯ︾ ᠢ ᠵᠢᠩᠬᠢᠨᠢ ᠪᠠᠷ | ᠡᠬᠢᠯᠡᠭᠦᠯᠪᠡ᠃ ᠲᠤᠰ ᠲᠥᠷᠥᠯ ᠵᠦᠢᠯ ᠢ ᠦᠪᠦᠷ ᠮᠤᠩᠭᠤᠯ ᠤᠨ ᠡᠨᠧᠷᠭᠢ ᠶᠢᠨ ᠪᠦᠯᠦᠭᠯᠡᠯ ᠢᠶᠠᠷ ᠲᠦᠷᠦᠭᠦᠯᠡᠭᠦᠯᠦᠨ᠂ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠠᠬᠢᠯᠭᠠᠨᠴᠢᠯᠠᠯ ᠤᠨ ᠰᠤᠳᠤᠯᠭᠠᠨ ᠤ ᠭᠠᠵᠠᠷ ᠵᠡᠷᠭᠡ | 14 ᠨᠢᠭᠡᠴᠢ ᠬᠠᠮᠲᠤᠷᠠᠨ ᠭᠤᠶᠤᠴᠢᠯᠠᠨ ᠮᠡᠳᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 3.6 ᠳ᠋ᠦᠩᠰᠢᠭᠤᠷ | ᠲᠥᠭᠦᠷᠢᠭ ᠲᠤ ᠬᠦᠷᠴᠦ᠂ ᠭᠦᠢᠴᠡᠳᠬᠡᠬᠦ ᠬᠤᠭᠤᠴᠠᠭ᠎ᠠ ᠨᠢ 3 ᠵᠢᠯ᠂ ᠤᠯᠤᠰ ᠠᠴᠠ 2719 ᠲᠦᠮᠡᠨ | ᠲᠥᠭᠦᠷᠢᠭ ᠤᠨ ᠵᠠᠷᠤᠳᠠᠯ ᠮᠦᠩᠭᠦ ᠪᠠᠭᠤᠯᠭᠠᠵᠤ ᠥᠭᠬᠦ ᠪᠠᠷ ᠵᠥᠪᠰᠢᠶᠡᠷᠡᠪᠡ᠃ ᠲᠤᠰ ᠲᠥᠷᠥᠯ ᠵᠦᠢᠯ ᠨᠢ ᠣᠯᠠᠨ | ᠡᠰᠢᠲᠦ ᠬᠤᠯᠢᠮᠠᠭ ᠡᠨᠧᠷᠭᠢ ᠨᠦᠭᠡᠴᠡᠯᠡᠬᠦ ᠰᠢᠰᠲ᠋ᠧᠮ ᠤᠨ ᠬᠤᠯᠪᠣᠯᠳᠤᠭᠰᠠᠨ ᠰᠢᠨ᠎ᠡ ᠡᠨᠧᠷᠭᠢ ᠶᠢ ᠬᠡᠷᠡᠭᠯᠡᠵᠦ᠂ | ᠡᠨᠧᠷᠭᠢ ᠨᠦᠭᠡᠴᠡᠯᠡᠬᠦ ᠰᠢᠰᠲ᠋ᠧᠮ ᠢ ᠠᠮᠢᠳᠤᠯᠢᠭ ᠢᠶᠠᠷ ᠲᠣᠬᠢᠷᠠᠭᠤᠯᠬᠤ᠂ ᠵᠣᠬᠢᠴᠠᠭᠤᠯᠤᠨ ᠡᠵᠡᠮᠳᠡᠬᠦ᠂ ᠠᠮᠤᠷ | ᠲᠦᠪᠰᠢᠨ ᠤ ᠬᠢᠨᠠᠨ ᠡᠵᠡᠮᠳᠡᠯ ᠵᠡᠷᠭᠡ ᠮᠡᠷᠭᠡᠵᠢᠯ ᠤᠨ ᠪᠡᠷᠬᠡ ᠰᠡᠳᠦᠪ ᠤᠳ ᠢ ᠰᠢᠪᠲᠤᠯᠤᠯᠲᠠ ᠲᠠᠢ ᠪᠣᠯᠭᠠᠵᠤ᠂ ᠦᠪᠦᠷ | ᠮᠤᠩᠭᠤᠯ ᠤᠨ ᠡᠨᠧᠷᠭᠢ ᠶᠢᠨ ᠪᠦᠯᠦᠭᠯᠡᠯ ᠳᠤ ᠬᠠᠷᠢᠶᠠᠯᠠᠭᠳᠠᠬᠤ ᠤᠯᠠᠭᠠᠨᠪᠤᠬ᠎ᠠ ᠡᠨᠧᠷᠭᠢ ᠶᠢᠨ ᠰᠠᠭᠤᠷᠢᠨ ᠭᠠᠵᠠᠷ ᠲᠤ | ᠴᠠᠬᠢᠯᠭᠠᠨ ᠤ ᠬᠠᠯᠠᠭᠠᠯᠲᠠ ᠪᠠᠷ ᠬᠠᠶᠢᠯᠤᠮᠠᠯ ᠳᠠᠪᠤᠰᠤ ᠪᠣᠯᠭᠠᠨ ᠡᠨᠧᠷᠭᠢ ᠨᠦᠭᠡᠴᠡᠯᠡᠬᠦ᠂ ᠯᠢᠲ᠋ᠢ ᠶᠢᠨ ᠢᠶᠣᠨ ᠤ ᠳ᠋ᠢᠶᠠᠨ | ᡂᠢ ᠶᠢᠨ ᠡᠨᠧᠷᠭᠢ ᠨᠦᠭᠡᠴᠡᠯᠡᠬᠦ ᠪᠠ ᠨᠢᠰᠬᠦ ᠡᠷᠴᠢᠯᠡᠭᠦᠷ ᠬᠦᠷᠳᠦ ᠶᠢᠨ ᠡᠨᠧᠷᠭᠢ ᠨᠦᠭᠡᠴᠡᠯᠡᠬᠦ ᠵᠡᠷᠭᠡ ᠶᠢ | ᠪᠠᠭᠲᠠᠭᠠᠭᠰᠠᠨ ᠬᠤᠯᠢᠮᠠᠭ ᠡᠨᠧᠷᠭᠢ ᠨᠦᠭᠡᠴᠡᠯᠡᠬᠦ ᠰᠢᠰᠲ᠋ᠧᠮ ᠢ ᠪᠠᠶᠢᠭᠤᠯᠵᠤ᠂ ᠲᠣᠰ ᠰᠠᠭᠤᠷᠢᠨ ᠭᠠᠵᠠᠷ ᠤᠨ 1200 | ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ ᠳᠤ ᠰᠢᠢᠳᠪᠦᠷᠢᠯᠡᠬᠦ | ᠲᠥᠰᠦᠯ ᠬᠠᠩᠭᠠᠪᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠥᠷ ᠮᠣᠩᠭᠤᠯ ᠤᠨ | ᠡᠨᠧᠷᠭᠢ ᠶᠢᠨ ᠪᠦᠯᠦᠭᠯᠡᠯ | |