ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠤᠰᠤ | ᠠᠷᠪᠢᠯᠠᠬᠤ ᠲᠤᠰᠬᠠᠶ ᠠᠵᠢᠯᠯᠠᠭᠠᠨ ᠤ ᠲᠥᠰᠦᠯ︾ ᠢ ᠳᠠᠷᠤᠮᠠᠯᠯᠠᠨ ᠶᠠᠪᠤᠭᠤᠯᠵᠤ᠂ ᠨᠠᠢᠮᠠᠨ ᠲᠠᠯ᠎ᠠ ᠶᠢᠨ ᠭᠤᠤᠯᠳᠠᠯᠭ᠎ᠠ | ᠪᠣᠯᠬᠤ ᠡᠭᠦᠷᠭᠡ ᠶᠢ ᠲᠣᠳᠣᠷᠬᠠᠶᠢᠯᠠᠨ᠂ ᠮᠠᠨ ᠤ ᠣᠷᠣᠨ ᠤ ᠬᠤᠲᠠ ᠪᠠᠯᠭᠠᠰᠤᠨ ᠤ ᠤᠰᠤᠨ ᠤ ᠡᠬᠢ ᠰᠤᠷᠪᠤᠯᠵᠢ ᠶᠢ | ᠡᠷᠴᠢᠮᠵᠢᠭᠦᠯᠦᠨ ᠠᠷᠪᠢᠯᠠᠵᠤ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ ᠪᠠᠷ ᠪᠣᠯᠪᠠ᠃ ᠤᠰᠤ ᠬᠠᠩᠭᠠᠬᠤ ᠬᠠᠭᠤᠴᠢᠨ | ᠬᠤᠭᠤᠯᠠᠶ ᠭᠤᠤᠷᠰᠤ ᠶᠢᠨ ᠲᠣᠣᠷ ᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠵᠤ᠂ ᠪᠤᠭᠤᠲᠤ ᠬᠤᠲᠠ᠂ | ᠤᠯᠠᠭᠠᠨᠬᠠᠳᠠ ᠬᠤᠲᠠ ᠶᠢᠨ ᠤᠯᠤᠰ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ | ᠲᠣᠤᠷ ᠤᠨ ᠭᠤᠭᠤᠵᠢᠵᠤ ᠬᠤᠷᠤᠭᠳᠠᠵᠤ ᠪᠠᠶᠢᠭ᠎ᠠ ᠭᠤᠤᠯᠳᠠᠯᠭ᠎ᠠ ᠪᠣᠯᠬᠤ ᠬᠤᠲᠠ ᠶᠢᠨ ᠲᠤᠷᠰᠢᠯᠲᠠ ᠶᠢᠨ ᠴᠡᠭ ᠤᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠬᠤᠲᠠ ᠪᠠᠯᠭᠠᠰᠤᠨ ᠤ ᠨᠢᠭᠡᠳᠦᠭᠡᠷ | ᠳᠡᠰ ᠤᠨ ᠬᠠᠭᠤᠴᠢᠨ ᠬᠤᠭᠤᠯᠠᠶ ᠭᠤᠤᠷᠰᠤ ᠶᠢᠨ ᠲᠣᠤᠷ ᠢ 391 ᠺᠢᠯᠣᠮᠧᠳ᠋ᠷ᠂ ᠬᠤᠶᠠᠳᠤᠭᠠᠷ ᠳᠡᠰ ᠤᠨ ᠬᠤᠭᠤᠯᠠᠶ | ᠭᠤᠤᠷᠰᠤ ᠶᠢᠨ ᠲᠣᠤᠷ ᠢ 932 ᠺᠢᠯᠣᠮᠧᠳ᠋ᠷ᠂ ᠭᠤᠷᠪᠠᠳᠤᠭᠠᠷ ᠳᠡᠰ ᠤᠨ ᠬᠤᠭᠤᠯᠠᠶ ᠭᠤᠤᠷᠰᠤ᠋ ᠶᠢᠨ ᠲᠣᠤᠷ ︵ | ᠬᠦᠷᠢᠶ᠎ᠡ ᠬᠠᠰᠢᠶ᠎ᠠ ᠵᠢᠴᠢ ᠡᠷᠦᠬᠡ ᠳᠤ ᠣᠷᠤᠭᠤᠯᠤᠭᠰᠠᠨ ᠬᠤᠭᠤᠯᠠᠶ ᠭᠤᠤᠷᠰᠤ ᠶᠢᠨ ᠲᠣᠤᠷ︶ ᠢ 1347 ᠺᠢᠯᠣᠮᠧᠳ᠋ᠷ | ᠰᠢᠨᠡᠳᠬᠡᠨ ᠥᠭᠡᠷᠡᠴᠢᠯᠡᠵᠦ᠂ ᠥᠪᠡᠷᠲᠡᠭᠡᠨ ᠵᠠᠰᠠᠬᠤ ᠣᠷᠣᠨ ᠤ ᠬᠤᠲᠠ ᠨᠤᠭᠤᠳ ᠤᠨ ᠤᠰᠤ ᠬᠠᠩᠭᠠᠬᠤ | ᠲᠦᠭᠡᠮᠡᠯᠵᠢᠯᠲᠡ ᠶᠢᠨ ᠨᠣᠷᠮ᠎ᠠ ᠶᠢ 98% ᠠᠴᠠ ᠳᠡᠭᠡᠭᠰᠢ ᠪᠠᠲᠤᠯᠠᠬᠤ ᠪᠠᠷ ᠲᠥᠯᠥᠪᠯᠡᠵᠦ ᠪᠣᠢ᠃ ᠳᠠᠬᠢᠯᠲᠠ | ᠤᠰᠤᠨ ᠤ ᠶᠡᠷᠦᠩᠬᠡᠶᠢᠯᠡᠭᠰᠡᠨ ᠠᠰᠢᠭᠯᠠᠯᠲᠠ ᠶᠢ ᠠᠬᠢᠭᠤᠯᠵᠤ᠂ ᠳᠠᠬᠢᠯᠲᠠ ᠤᠰᠤᠨ ᠤ ᠬᠤᠭᠤᠯᠠᠶ ᠭᠤᠤᠷᠰᠤ ᠶᠢᠨ | ᠲᠣᠤᠷ ᠤᠨ ᠪᠥᠲᠥᠭᠡᠨ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠶᠢ ᠳᠥᠯᠭᠢᠨ ᠠᠬᠢᠭᠤᠯᠵᠤ᠂ ᠳᠠᠬᠢᠯᠲᠠ ᠤᠰᠤ ᠶᠢ | ᠳᠣᠭᠢᠷᠠᠭᠤᠯᠤᠨ ᠬᠠᠳᠠᠭᠠᠯᠠᠬᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠬᠤᠲᠠ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ 11 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠰᠢᠨᠡᠳᠬᠡᠬᠦ ᠪᠠᠷ ᠲᠥᠯᠥᠪᠯᠡᠵᠦ᠂ ᠳᠠᠬᠢᠯᠲᠠ ᠤᠰᠤᠨ ᠤ ᠬᠤᠭᠤᠯᠠᠶ ᠭᠤᠤᠷᠰᠤ ᠶᠢᠨ ᠲᠣᠤᠷ ᠢ 587 ᠺᠢᠯᠣᠮᠧᠳ᠋ᠷ | ᠪᠠᠶᠢᠭᠤᠯᠵᠤ᠂ ᠳᠠᠬᠢᠯᠲᠠ ᠤᠰᠤ ᠶᠢ ᠳᠣᠭᠢᠷᠠᠭᠤᠯᠤᠨ ᠬᠠᠳᠠᠭᠠᠯᠠᠬᠤ ᠲᠥᠬᠦᠭᠡᠷᠦᠮᠵᠢ ᠶᠢ ᠰᠢᠨ᠎ᠡ ᠪᠠᠷ 9 ᠪᠠᠶᠢᠭᠤᠯᠤᠨ᠎ᠠ᠃ | 2025 ᠣᠨ ᠳᠤ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠭᠤᠤᠷᠰᠤ ᠶᠢᠨ ᠲᠣᠣᠷ ᠤᠨ | ᠭᠤᠭᠤᠵᠢᠵᠤ ᠬᠤᠷᠤᠭᠳᠠᠬᠤ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ᠂ ᠬᠤᠲᠠ ᠪᠠᠯᠭᠠᠰᠤᠨ ᠤ ᠳᠠᠬᠢᠯᠲᠠ | ᠤᠰᠤᠨ ᠤ ᠠᠰᠢᠭᠯᠠᠯᠲᠠ ᠶᠢᠨ ᠨᠣᠷᠮ᠎ᠠ ᠶᠢ 48% ᠠᠴᠠ ᠳᠡᠭᠡᠭᠰᠢ ᠳᠤ ᠬᠦᠷᠭᠡᠵᠦ᠂ ᠬᠠᠲᠤᠨ ᠭᠤᠣᠯ ᠤᠨ ᠰᠠᠪᠠ | ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠭᠡᠬᠦ ᠪᠠᠷ | ᠴᠢᠷᠮᠠᠶᠢᠨ᠎ᠠ᠃ | |