3 ᠰᠠᠷ᠎ᠠ ᠶᠢᠨ 15 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ | ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ | ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ | ᠳ᠋ᠦᠩ᠂ ᠸᠠᠩ ᠶᠠᠨ ᠪᠥᠸᠧ᠂ ᠰᠢᠶᠧ ᠶᠦᠨ ᠰᠥᠩ᠂ ᠯᠢ ᠽᠦᠩ ᠮᠧᠩ᠂ ᠫᠧᠩ ᠰᠢᠶᠤᠤ ᠵᠢᠤᠸᠠᠨ᠂ ᠯᠢ ᠸᠧᠶ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ ᠬᠤᠷᠠᠯ ᠳᠤ ᠣᠷᠣᠯᠴᠠᠵᠤ᠂ | ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ | ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠤᠭ᠎ᠠ ᠪᠦᠷᠢᠳᠬᠡᠯ ᠤᠨ ᠠᠵᠢᠯ ᠤᠨ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠶᠤᠸᠠᠨ ᠪᠦᠦ ᠱᠠᠨ ᠲᠣᠭᠤᠷᠢᠭ ᠢ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ᠂ ᠲᠤᠭ᠎ᠠ ᠪᠦᠷᠢᠳᠬᠡᠯ ᠤᠨ ᠠᠵᠢᠯ᠂ ᠠᠵᠤ ᠠᠬᠤᠶ ᠶᠢᠨ ᠠᠵᠢᠯᠯᠠᠭᠠᠨ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ︽ᠶᠤᠸᠠᠨ ᠪᠦᠦ ᠱᠠᠨ ᠲᠣᠭᠤᠷᠢᠭ | ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠴᠡᠭᠴᠡᠯᠡᠨ ᠰᠠᠶᠢᠵᠢᠷᠠᠭᠤᠯᠬᠤ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠰᠦᠯ ︵ᠶᠠᠷᠢᠯᠴᠠᠬᠤ ᠨᠣᠤᠷᠠᠭ︶︾ ᠢ ᠬᠢᠨᠠᠨ ᠵᠥᠪᠯᠡᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠬᠤ ᠶᠢ ᠡᠬᠢᠯᠡᠭᠦᠯᠬᠦ᠂ ᠥᠪᠡᠷᠲᠡᠭᠡᠨ | ᠵᠠᠰᠠᠬᠤ ᠣᠷᠣᠨ ᠤ ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠲᠡᠳᠬᠦᠬᠦ | ᠪᠠᠯᠠ ᠮᠥᠩᠭᠦ ᠶᠢᠨ ᠬᠤᠪᠢᠶᠠᠷᠢᠯᠠᠯᠲᠠ ᠵᠢᠴᠢ ᠲᠥᠯᠥᠪᠯᠡᠭᠡ ᠶᠢ ᠬᠡᠷᠡᠭᠵᠢᠭᠦᠯᠬᠦ ᠲᠥᠷᠥᠯ ᠵᠦᠢᠯ᠂ ᠬᠢᠮᠢ ᠶᠢᠨ ᠠᠵᠤ | ᠦᠢᠯᠡᠳᠪᠦᠷᠢ ᠶᠢᠨ ᠲᠥᠷᠥᠯ ᠵᠦᠢᠯ ᠤᠨ ᠶᠠᠰᠤ ᠴᠢᠨᠠᠷ ᠤᠨ ᠦᠢᠯᠡᠴᠢᠯᠡᠭᠡ ᠵᠡᠷᠭᠡ ᠶᠠᠪᠤᠳᠠᠯ ᠢ ᠰᠤᠳᠤᠯᠤᠨ | ᠪᠠᠶᠢᠷᠢᠯᠠᠭᠤᠯᠵᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨᠢ ᠶᠡᠷᠦᠩᠬᠡᠢ ᠱᠦᠵᠢ | ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ | ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠲᠤᠭ᠎ᠠ ᠪᠠᠷᠢᠮᠲᠠ ᠶᠢ ᠰᠤᠳᠤᠯᠤᠨ ᠵᠠᠳᠠᠯᠬᠤ ᠪᠠ ᠭᠦᠢᠴᠡᠳᠬᠡᠯ | ᠲᠤᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ | ᠦᠢᠯᠡᠴᠢᠯᠡᠭᠡᠨ ᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠬᠤ ᠪᠠᠨ | ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠪᠦᠬᠦ ᠬᠦᠴᠦᠨ ᠢᠶᠠᠷ ᠢᠶᠠᠨ ᠬᠦᠴᠦ ᠣᠷᠣᠭᠤᠯᠤᠨ | ᠣᠶᠢᠯᠡᠳᠪᠥᠷᠢᠯᠡᠬᠦ ᠶᠢ ᠲᠥᠯᠬᠢᠨ ᠠᠬᠢᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠰᠠᠶᠢᠨ ᠡᠬᠢᠯᠡᠯᠲᠡ ᠶᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ ᠬᠠᠤᠯᠢ ᠪᠠᠷ ᠵᠠᠰᠠᠬᠤ ᠰᠡᠳᠬᠢᠬᠦᠢ ᠪᠣᠯᠤᠨ ᠬᠠᠤᠯᠢ ᠪᠠᠷ ᠵᠠᠰᠠᠬᠤ ᠠᠷᠭ᠎ᠠ | ᠬᠡᠯᠪᠡᠷᠢ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ︽ᠬᠥᠬᠡᠮᠳᠦᠭ | ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠬᠠᠷᠢᠴᠠᠭᠤᠯᠵᠤ᠂ ᠨᠢᠭᠡ ᠠᠴᠠ ᠵᠥᠢᠴᠢᠯᠡᠨ ᠨᠦᠬᠦᠭᠡ ᠶᠢ ᠮᠡᠳᠡᠵᠦ᠂ | ᠭᠦᠨᠵᠡᠭᠡᠢ ᠪᠠᠶᠢᠴᠠᠭᠠᠨ ᠨᠠᠷᠢᠨ ᠥᠭᠡᠷᠡᠴᠢᠯᠡᠵᠦ᠂ ︽ᠡᠷᠬᠢᠨ ᠬᠠᠷᠠᠬᠤ︾ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ | ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠥᠴᠦᠬᠡᠨ ᠴᠦ ᠰᠤᠯᠠᠷᠠᠭᠤᠯᠤᠯ | ᠦᠭᠡᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠭᠤᠣᠯᠳᠠᠯᠭ᠎ᠠ ᠲᠠᠢ ᠠᠰᠠᠭᠤᠳᠠᠯ ᠳᠤ ᠤᠨᠢᠨ | ᠳᠡᠭᠡᠷ᠎ᠡ ᠨᠢ ᠠᠩᠬᠠᠷᠤᠯ ᠢᠶᠠᠨ ᠲᠥᠪᠯᠡᠷᠡᠭᠦᠯᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠥᠨᠳᠥᠷ ᠪᠠᠷᠢᠮᠵᠢᠶ᠎ᠠ ᠪᠠᠷ | ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ | ᠪᠠᠶᠢᠴᠠᠭᠠᠬᠤ ᠪᠠᠷ ᠵᠠᠰᠠᠯᠲᠠ ᠶᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ | ᠭᠠᠴᠠᠭ᠎ᠠ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ ᠪᠡᠯᠡ ᠮᠥᠩᠭᠦ ᠶᠢ | ᠥᠨᠳᠥᠷ ᠪᠦᠲᠦᠮᠵᠢᠲᠡᠢ ᠬᠡᠷᠡᠭᠯᠡᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ | ᠳᠠᠶᠢᠴᠢᠯᠠᠨ ᠬᠥᠳᠡᠭᠡ ᠠᠵᠤ ᠠᠬᠤᠢ ᠶᠢ ᠪᠠᠶᠠᠵᠢᠭᠤᠯᠬᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ᠂ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠬᠦ ᠶᠠᠪᠤᠴᠠ ᠳᠤ ᠠᠵᠤ ᠠᠬᠤᠶᠢᠯᠠᠯ ᠳᠤ | ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠶᠠᠰᠤ ᠴᠢᠨᠠᠷ ᠵᠡᠷᠭᠡ ᠦᠢᠯᠡᠴᠢᠯᠡᠭᠡ ᠬᠠᠩᠭᠠᠬᠤ ᠶᠢ | ᠢᠳᠡᠪᠬᠢᠲᠡᠢ ᠰᠦᠪᠡᠭᠴᠢᠯᠡᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠲᠦᠷᠦᠯ ᠵᠦᠢᠯ ᠢ | ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ | ᠨᠠᠶᠢᠷᠠᠭᠤᠯᠤᠨ ᠲᠤᠭᠤᠷᠪᠢᠬᠤ ᠠᠵᠢᠯ ᠢ ᠴᠢᠨᠠᠷ ᠰᠠᠶᠢᠲᠠᠢ ᠥᠷᠨᠢᠭᠦᠯᠵᠦ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ | ᠣᠨᠣᠪᠴᠢᠲᠠᠢ ᠣᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |