ᠼᠤᠤ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/21
    3 ᠰᠠᠷ᠎ᠠ ᠶᠢᠨ 20᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠯᠢ ᠭᠦᠸᠧ ᠵᠢᠶᠦ᠋ᠨ᠂ ᠯᠢᠦ ᠬᠠᠢ ᠶᠠᠩ᠂ ᠵᠢᠶᠤᠤ ᠴᠢᠩ ᠳ᠋ᠦᠩ᠂ ᠵᠦ ᠬᠤᠩ ᠲᠥ᠋᠂ ᠯᠢ ᠰᠢᠨ ᠢᠦᠢ ᠂ ᠸᠠᠩ ᠶᠠᠨ ᠪᠥᠸᠧ᠂ ᠯᠤᠸᠠᠨ ᠶᠦᠨ ᠾᠧ᠂ ᠯᠢ ᡁᠢ ᠭᠠᠩ᠂ ᠵᠠᠩ ᠯᠢ ᠲᠤᠤ ᠬᠤᠷᠠᠯ ᠳᠤ ᠣᠷᠣᠯᠴᠠᠪᠠ᠃ ᠲᠣᠭᠤᠷᠢᠭ ᠤᠨ ᠤᠳᠤᠷᠢᠳᠤᠯᠭ᠎ᠠ ᠯᠢ ᠺᠠᠢ᠂ ᠸᠠᠩ ᠵᠧᠨ ᠯᠢᠶᠠᠩ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠦᠢᠵᠧᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠬᠦ ᠲᠣᠭᠤᠷᠢᠭ ᠲᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ᠂ ᠪᠦᠬᠦ ᠲᠤᠭᠤᠷᠢᠭ ᠳᠠᠶᠠᠭᠠᠷ ᠢᠶᠠᠨ ᠡᠷᠡᠰ ᠭᠤᠶᠢᠪᠢᠰᠢ ᠦᠭᠡᠢ ᠪᠠᠷ ᠠᠵᠤ ᠦᠢᠯᠡᠰ ᠢ ᠶᠡᠬᠡᠪᠡᠷ ᠠᠳᠬᠤᠵᠤ᠂ ᠲᠦᠷᠦᠯ ᠵᠦᠢᠯ ᠢ ᠶᠡᠬᠡᠪᠡᠷ ᠠᠳᠬᠤᠵᠤ᠂ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠬᠦᠴᠢᠷᠳᠡᠯᠲᠡᠢ ᠠᠰᠠᠭᠤᠳᠠᠯ ᠢ ᠴᠠᠭ ᠲᠤᠬᠠᠢ ᠳᠤᠨᠢ ᠬᠠᠪᠰᠤᠷᠤᠨ ᠰᠢᠢᠳᠪᠦᠷᠢᠯᠡᠵᠦ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾᠎ ᠶᠢ ᠬᠦᠴᠦᠯᠡᠨ ᠰᠢᠪᠲᠤᠯᠬᠤ ᠬᠡᠷᠡᠭᠲᠡᠢ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ᠂ ᠡᠷᠡᠭᠦᠯ ᠬᠠᠮᠠᠭᠠᠯᠠᠯ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠷᠢᠨᠰᠢᠬᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠮᠡᠳᠡᠷᠡᠮᠵᠢ ᠶᠢᠨ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾᠂ ᠲᠤᠰᠬᠠᠢ ᠰᠡᠳᠦᠪᠲᠦ ᠪᠣᠯᠪᠠᠰᠤᠷᠠᠯ ᠵᠡᠷᠭᠡ ᠠᠴᠢᠶᠠᠯᠠᠪᠤᠷᠢ ᠳᠤ ᠲᠦᠰᠢᠭᠯᠡᠨ᠂ ᠰᠤᠷᠤᠯᠴᠠᠯᠭ᠎ᠠ ᠶᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ᠃ ᠰᠤᠷᠤᠯᠴᠠᠬᠤ ᠪᠠᠶᠢᠴᠠᠭᠠᠬᠤ ᠦᠭᠡᠷᠡᠴᠢᠯᠡᠬᠦ ᠶᠢ ᠨᠢᠭᠡ ᠴᠤᠬᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠵᠦ᠂ ᠡᠳᠦᠷ ᠲᠤᠳᠤᠮ ᠤᠨ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠲᠠᠢ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠭᠦᠨᠵᠡᠭᠡᠢ ᠡᠷᠢᠵᠦ ᠭᠠᠷᠭᠠᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠨᠡᠨ ᠬᠦ ᠠᠬᠢᠭᠤᠯᠵᠤ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠨ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠥᠭᠡᠷᠡᠴᠢᠯᠡᠭᠰᠡᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠲᠦᠷᠢᠮ ᠲᠣᠭᠲᠠᠭᠠᠯ ᠲᠣᠭᠲᠠᠭᠠᠬᠤ ᠶᠢ ᠵᠡᠷᠭᠡᠪᠡᠷ ᠰᠠᠶᠢᠲᠤᠷ ᠠᠳᠬᠤᠵᠤ᠂ ᠲᠦᠷᠢᠮ ᠤᠨ ᠳᠤᠲᠠᠭᠳᠠᠯ ᠪᠠ ᠬᠤᠭᠤᠰᠣᠨ ᠢ ᠴᠠᠭ ᠲᠤᠬᠠᠢ ᠳᠤᠨᠢ ᠨᠥᠬᠦᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠨᠡᠩ ᠵᠢᠷᠤᠮᠯᠠᠬᠤ ᠲᠦᠷᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠲᠣᠪᠴᠢ ᠠᠪᠰᠠᠷᠬᠠᠨ ᠢᠶᠠᠷ ᠪᠣᠳᠠᠲᠠᠢ ᠶᠢ ᠡᠷᠬᠢᠮᠯᠡᠬᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠱᠠᠳᠤ ᠱᠠᠳᠤ ᠪᠠᠷ ᠱᠠᠭᠠᠷᠳᠠᠯᠭ᠎ᠠ ᠨᠡᠮᠡᠬᠦ ᠦᠭᠡᠢ ᠪᠠᠶᠢᠵᠤ᠂ ᠬᠡᠯᠪᠡᠷᠢᠴᠢ ᠦᠵᠡᠯ ᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠪᠠᠶᠢᠩᠭᠤᠵᠢᠭᠰᠠᠨ ᠤᠯᠠᠨ ᠲᠦᠮᠡᠨ ᠤ ᠬᠥᠮᠦᠵᠢᠯ ᠲᠠᠢ ᠤᠶᠠᠯᠳᠤᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠲᠠᠢ ᠨᠢᠭᠡᠳᠦᠯᠲᠡᠢ ᠲᠥᠯᠥᠪᠵᠢᠭᠦᠯᠦᠨ ᠨᠢᠭᠡ ᠴᠤᠬᠴᠠᠵᠢᠭᠤᠯᠤᠨ ᠠᠬᠢᠭᠤᠯᠵᠤ᠂ ᠬᠤᠶᠠᠷ ᠢ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠵᠤ᠂ ᠬᠤᠶᠠᠷ ᠢ ᠠᠬᠢᠭᠤᠯᠵᠤ ᠶᠢ ᠥᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1