ᠨᠢᠭᠡ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ | ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠲᠤᠭ᠎ᠠ ᠪᠦᠷᠢᠳᠬᠡᠯ ᠤᠨ ᠠᠵᠢᠯ ᠤᠨ ᠬᠠᠮᠢᠶ᠎ᠠ | ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭ᠎ᠠ ᠪᠦᠷᠢᠳᠬᠡᠯ ᠤᠨ ᠠᠵᠢᠯ ᠤᠨ ᠥᠷᠨᠢᠭᠦᠯᠦᠭᠰᠡᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠨᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠰᠢᠭᠤᠳ ᠲᠤᠰᠬᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠤᠯᠠᠨ ᠢ ᠢᠲᠡᠭᠡᠭᠦᠯᠬᠦ ᠬᠦᠴᠦᠨ ᠲᠠᠢ ᠬᠤᠯᠪᠣᠭᠳᠠᠨ᠎ᠠ᠃ | ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ | ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ | ᠠᠵᠢᠯ ᠢᠶᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ | ᠬᠡᠷᠡᠭᠲᠡᠢ ᠭᠡᠵᠡᠢ᠃ | ᠬᠤᠶᠠᠷ᠂ ᠠᠵᠤ ᠠᠬᠤᠢ ᠶᠢᠨ ᠠᠵᠢᠯᠯᠠᠭᠠᠨ ᠤ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠣᠯ ︽ᠵᠠᠪᠠᠯ | ᠪᠡᠶᠡᠯᠡᠭᠦᠯᠵᠦ ᠭᠥᠢᠴᠡᠳᠬᠡᠬᠦ︾ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ | ᠰᠢᠶᠠᠩ ᠵᠡᠭᠡᠯᠢ ᠭᠤᠳᠤᠮᠵᠢ ᠶᠢᠨ ᠬᠢᠨ ᠡᠷᠬᠡᠪᠰᠢ ᠠᠵᠢᠯ ᠤᠨ ᠬᠡᠪ ᠳᠠᠭᠤᠷᠢᠶᠠᠯ ᠢᠶᠠᠨ ᠥᠨᠳᠥᠷ ᠪᠣᠯᠭᠠᠵᠤ᠂ ᠠᠵᠤ | ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠵᠠᠳᠠᠯᠤᠯᠲᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ | ᠪᠣᠲᠠᠲᠠᠶᠢᠵᠢᠭᠤᠯᠤᠨ ᠡᠷᠴᠢᠮᠵᠢᠭᠦᠯᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠪᠦᠬᠦ ᠬᠦᠴᠦᠨ ᠢᠶᠠᠷ ᠢᠶᠠᠨ ᠰᠢᠪᠲᠤᠯᠤᠯᠲᠠ | ᠬᠢᠵᠦ ᠪᠣᠭᠤᠮᠲᠠ ᠰᠢᠪᠲᠤᠯᠤᠨ᠂ ᠬᠠᠮᠤᠭ ᠤᠨ ᠶᠡᠭᠡ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ | ᠭᠤᠷᠪᠠ᠂ ᠶᠤᠸᠠᠨ ᠪᠦᠦ ᠱᠠᠨ ᠲᠣᠭᠤᠷᠢᠭ ᠤᠨ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ | ᠬᠤᠯᠪᠣᠭᠳᠠᠯ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠠᠬᠢᠭᠤᠯᠬᠤ ᠪᠣᠯ ᠤᠯᠤᠰ ᠲᠦᠷᠦ ᠶᠢ ᠡᠷᠬᠢᠮᠯᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ | ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠨ ᠪᠣᠳᠠᠲᠤ ᠬᠡᠷᠡᠭᠴᠡᠭᠡ ᠮᠥᠨ᠃ | ᠡᠯ᠎ᠡ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠬᠢᠨ ᠬᠠᠤᠯᠢ ᠪᠠᠷ ᠵᠠᠰᠠᠬᠤ | ᠣᠶᠢᠯᠠᠭᠠᠭᠳᠠᠬᠤᠨ ᠪᠣᠯᠤᠨ ᠬᠠᠤᠯᠢ ᠪᠠᠷ ᠵᠠᠰᠠᠬᠤ ᠰᠡᠳᠬᠢᠬᠦᠢ ᠪᠠᠨ ᠤᠯᠠᠮ ᠨᠢᠭᠡ ᠠᠯᠬᠤᠮ ᠪᠠᠲᠤ ᠪᠠᠬᠢᠵᠢᠭᠦᠯᠵᠦ᠂ | ᠬᠠᠤᠯᠢ ᠶᠣᠰᠣᠭᠠᠷ ᠵᠠᠰᠠᠭ ᠶᠠᠪᠤᠭᠤᠯᠵᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠴᠢᠳᠠᠪᠤᠷᠢ ᠪᠣᠯᠤᠨ ᠲᠦᠪᠰᠢᠨ ᠢᠶᠠᠨ | ᠦᠨᠡᠨᠬᠦ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠨᠡᠩ ᠰᠠᠶᠢᠨ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃ | |