ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠦᠨᠳᠦᠰᠦᠨ | ᠱᠠᠲᠤᠨ ᠤ ᠨᠢᠭᠦᠯᠡᠰᠦᠩᠭᠦᠶ ᠶᠢᠨ ᠦᠢᠯᠡᠴᠢᠯᠡᠭᠡᠨ ᠤ ᠥᠷᠲᠡᠭᠡ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ | ᠥᠷᠲᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ ᠡᠬᠢ ᠪᠠᠶᠠᠯᠢᠭ ᠢ ᠨᠢᠭᠡᠳᠦᠯᠲᠡᠶ | ᠲᠥᠯᠥᠪᠯᠡᠨ ᠨᠡᠶᠢᠳᠬᠡᠵᠦ᠂ ᠨᠡᠶᠢᠭᠡᠮ ᠲᠣᠭᠤᠷᠢᠭ ᠤᠨ ᠨᠢᠭᠦᠯᠡᠰᠦᠩᠭᠦᠶ ᠶᠢᠨ ᠬᠡᠷᠡᠭᠴᠡᠭᠡ ᠱᠠᠭᠠᠷᠳᠠᠯᠭ᠎ᠠ ᠶᠢ | ᠵᠣᠯᠭᠠᠭᠤᠯᠬᠤ ᠪᠠ ᠲᠥᠷᠥᠯ ᠵᠦᠢᠯ ᠢ ᠬᠡᠷᠡᠭᠵᠢᠭᠦᠯᠬᠦ ᠳᠤ ᠲᠠᠪᠴᠠᠩ ᠤᠨ ᠳᠡᠮᠵᠢᠯᠭᠡ ᠬᠠᠩᠭᠠᠭᠰᠠᠨ ᠢᠶᠠᠷ ᠣᠳᠣᠬᠠᠨ ᠳᠤ | ᠪᠥᠬᠦ ᠣᠷᠣᠨ ᠳᠤ ᠨᠢᠭᠡᠨᠲᠡ ᠦᠨᠳᠦᠰᠦᠨ ᠱᠠᠲᠤᠨ ᠤ ᠨᠡᠶᠢᠭᠡᠮ ᠤᠨ ᠠᠵᠢᠯ ᠤᠨ 1025 ᠥᠷᠲᠡᠭᠡ ᠶᠢ ᠪᠠᠶᠢᠭᠤᠯᠪᠠ᠃ | ᠡᠭᠦᠨ ᠳᠤ᠂ ᠣᠷᠳᠣᠰ ᠬᠤᠲᠠ ᠳᠤ ︽ᠨᠡᠶᠢᠭᠡᠮ ᠲᠣᠭᠤᠷᠢᠭ ᠤᠨ ᠰᠠᠭᠤᠷᠢ ᠮᠥᠩᠭᠦ︾ ᠶᠢ 37 ᠭᠠᠷᠭᠠᠵᠤ᠂ ᠬᠤᠲᠠ | ᠪᠠᠯᠭᠠᠰᠤ ᠶᠢᠨ 66 ᠨᠡᠶᠢᠭᠡᠮ ᠲᠣᠭᠤᠷᠢᠭ ᠢ ᠬᠠᠮᠤᠷᠴᠤ᠂ 21 ᠨᠢᠭᠦᠯᠡᠰᠦᠩᠭᠦᠶ ᠶᠢᠨ ᠵᠦᠢᠯᠡᠰ ᠢ ᠤᠬᠠᠭᠠᠯᠠᠨ | ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠶ ᠲᠤᠭ᠎ᠠ 1800 ᠲᠦᠮᠡᠨ ᠲᠥᠭᠦᠷᠢᠭ ᠢ ᠳᠠᠪᠠᠵᠤ᠂ 2.2 ᠲᠦᠮᠡᠨ | ᠬᠦᠴᠢᠷᠳᠡᠯᠲᠡᠶ ᠬᠥᠮᠥᠰ ᠢ ᠬᠠᠮᠤᠷᠤᠭᠰᠠᠨ ᠪᠠᠶᠢᠨ᠎ᠠ᠃ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ | ᠠᠰᠠᠷᠠᠮᠵᠢ ᠶᠢᠨ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦᠨ ᠤ 1000 | ᠲᠦᠮᠡᠨ ᠲᠥᠭᠦᠷᠢᠭ ᠢ ᠠᠰᠢᠭᠯᠠᠨ᠂ ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠨᠡᠶᠢᠭᠡᠮ ᠤᠨ | ᠠᠵᠢᠯ ᠤᠨ ᠦᠢᠯᠡᠴᠢᠯᠡᠭᠡᠨ ᠤ 100 ᠲᠥᠷᠥᠯ ᠵᠦᠢᠯ ᠥᠷᠨᠢᠭᠦᠯᠬᠦ ᠶᠢ ᠳᠡᠮᠵᠢᠵᠦ᠂ ᠨᠡᠶᠢᠭᠡᠮ ᠲᠣᠭᠤᠷᠢᠭ ᠤᠨ | ᠨᠢᠭᠦᠯᠡᠰᠦᠩᠭᠦᠶ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ︵ᠠᠷᠠᠳ ᠤᠨ | ᠶᠠᠪᠤᠳᠠᠯ ᠤᠨ ᠲᠢᠩᠬᠢᠮ︶ | |