3 ᠰᠠᠷ᠎ᠠ ᠶᠢᠨ 25 ᠤ ᠡᠳᠦᠷ᠂ ᠶᠤᠸᠠᠨ ᠪᠦᠦ ᠱᠠᠨ ᠲᠣᠭᠤᠷᠢᠭ 2025 ᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ | ᠳᠠᠷᠤᠭ᠎ᠠ ᠵᠢᠶᠤᠤ ᠴᠢᠩ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠸᠧᠨ ᠵᠢᠶᠦ᠋ᠨ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠷᠧᠨ ᠲᠢᠶᠠᠨ ᠵᠦᠩ ᠬᠤᠷᠠᠯ ᠳᠤ | ᠣᠷᠣᠯᠴᠠᠵᠤ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠶᠢᠨ ᠬᠤᠪᠢᠳᠠᠨ | ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | ᠬᠤᠷᠠᠯ ᠠᠴᠠ 2024 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ | ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ | ᠣᠯᠤᠭᠰᠠᠨ ᠠᠮᠵᠢᠯᠲᠠ ᠪᠦᠲᠦᠮᠵᠢ ᠪᠠ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠᠨ ᠳ᠋ᠦᠩᠨᠡᠵᠦ᠂ 2025 | ᠣᠨ ᠤ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ | ᠲᠠᠨᠢᠵᠤ᠂ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ︔ | ᠰᠢᠢᠳᠪᠦᠷᠢᠯᠡᠬᠦ ᠱᠠᠭᠠᠷᠳᠠᠯᠭ᠎ᠠ ᠶᠢ ᠡᠵᠡᠮᠳᠡᠵᠦ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠢᠭᠡᠳᠦᠯᠲᠡᠢ | ᠲᠥᠯᠥᠪᠵᠢᠭᠦᠯᠦᠨ ᠬᠠᠮᠵᠢᠯᠴᠠᠬᠤ ᠶᠢ ᠴᠢᠩᠭᠠᠳᠬᠠᠵᠤ᠂ ᠰᠢᠢᠳᠪᠦᠷᠢᠯᠡᠬᠦ ᠠᠵᠢᠯ ᠤᠨ ᠪᠦᠷᠢᠨ ᠪᠦᠲᠦᠨ ᠴᠢᠨᠠᠷ ᠪᠣᠯᠤᠨ | ᠨᠢᠭᠡᠳᠦᠯᠲᠦ ᠴᠢᠨᠠᠷ ᠢ ᠪᠠᠲᠤᠯᠠᠬᠤ ᠬᠡᠷᠡᠭᠲᠡᠢ︔ ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠨᠡᠩ ᠥᠨᠳᠥᠷ | ᠪᠠᠷᠢᠮᠵᠢᠶ᠎ᠠ᠂ ᠨᠡᠩ ᠲᠦᠷᠭᠡᠨ ᠬᠤᠷᠳᠤᠴᠠ᠂ ᠨᠡᠩ ᠴᠢᠩᠭ᠎ᠠ ᠰᠤᠷᠲᠠᠯ ᠢᠶᠠᠷ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ | ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠰᠠᠨᠠᠯ ᠢᠶᠠᠨ ᠬᠠᠷᠢᠭᠤ ᠲᠤᠰᠬᠠᠬᠤ ᠶᠢ ᠴᠢᠬᠤᠯᠠᠴᠢᠯᠠᠵᠤ᠂ | ᠲᠥᠯᠥᠭᠡᠯᠡᠭᠴᠢ ᠭᠡᠰᠢᠭᠦᠨ ᠯᠦᠭᠡ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ | ᠪᠣᠯᠤᠨ ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ᠣᠪᠤᠭᠠᠷᠠᠵᠤ ᠪᠠᠶᠢᠭ᠎ᠠ ᠠᠰᠠᠭᠤᠳᠠᠯ ᠳᠤ ᠡᠯ᠎ᠡ | ᠨᠢᠭᠡᠴᠢ ᠶᠢᠨ ᠬᠢᠨ ᠴᠡᠭᠴᠡᠯᠡᠨ ᠵᠠᠰᠠᠬᠤ ᠲᠥᠰᠦᠯ ᠲᠣᠭᠲᠠᠭᠠᠵᠤ᠂ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠵᠤ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ︔ ᠱᠠᠯᠠᠪᠳᠠᠭᠤᠯᠤᠨ | ᠰᠢᠢᠳᠪᠦᠷᠢᠯᠡᠬᠦ ᠠᠵᠢᠯ ᠤᠨ ᠠᠬᠢᠴᠠ ᠪᠣᠯᠤᠨ ᠶᠠᠰᠤ ᠴᠢᠨᠠᠷ ᠢ ᠴᠠᠭ ᠲᠤᠬᠠᠢ ᠳᠤᠨᠢ ᠡᠵᠡᠮᠰᠢᠵᠦ᠂ ᠰᠢᠢᠳᠪᠦᠷᠢᠯᠡᠬᠦ | ᠠᠵᠢᠯ ᠤᠨ ᠲᠥᠯᠥᠭᠡᠯᠡᠭᠴᠢ ᠭᠡᠰᠢᠭᠦᠳ ᠢ ᠰᠡᠳᠬᠢᠯ ᠬᠠᠨᠤᠮᠵᠢᠲᠠᠢ᠂ ᠠᠷᠠᠳ ᠤᠯᠠᠨ ᠢ ᠰᠡᠳᠬᠢᠯ ᠬᠠᠨᠤᠮᠵᠢᠲᠠᠢ | ᠪᠣᠯᠭᠠᠬᠤ ᠶᠢ ᠪᠠᠲᠤᠯᠠᠵᠤ᠂ ᠶᠤᠸᠠᠨ ᠪᠦᠦ ᠱᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠪᠣᠯᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | |