ᠨᠢᠭᠡ᠂ ᠪᠣᠷᠳᠣᠭᠤᠷ ᠣᠷᠣᠭᠤᠯᠬᠤ | ᠲᠡᠵᠢᠭᠡᠯ ᠡᠪᠡᠰᠦᠨ ᠤ ᠤᠷᠭᠤᠯᠲᠠ ᠳᠤ ᠭᠦᠢᠴᠡᠳ ᠬᠡᠮᠵᠢᠶᠡᠨ ᠤ ᠰᠢᠮ᠎ᠡ ᠲᠡᠵᠢᠭᠡᠯ ᠬᠡᠷᠡᠭᠰᠡᠳᠡᠭ ᠲᠤᠯᠠ ᠲᠡᠵᠢᠭᠡᠯ | ᠡᠪᠡᠰᠦᠨ ᠤ ᠪᠣᠷᠳᠣᠭᠤᠷ ᠬᠡᠷᠡᠭᠰᠡᠬᠦ ᠣᠨᠴᠠᠯᠢᠭ ᠪᠠ ᠬᠥᠷᠥᠰᠥᠨ ᠤ ᠰᠢᠮ᠎ᠡ ᠲᠡᠵᠢᠭᠡᠯ ᠤᠨ ᠪᠠᠶᠢᠳᠠᠯ ᠢ ᠦᠨᠳᠦᠰᠦᠯᠡᠨ | ᠵᠣᠬᠢᠰᠲᠠᠢ ᠪᠣᠷᠳᠣᠭᠤᠷ ᠣᠷᠣᠭᠤᠯᠵᠤ᠂ ᠲᠡᠵᠢᠭᠡᠯ ᠡᠪᠡᠰᠦᠨ ᠤ ᠤᠷᠭᠤᠯᠲᠠ ᠶᠢᠨ ᠶᠠᠪᠤᠴᠠ ᠳᠠᠬᠢ ᠰᠢᠮ᠎ᠡ ᠲᠡᠵᠢᠭᠡᠯ ᠤᠨ | ᠬᠡᠷᠡᠭᠴᠡᠭᠡ ᠶᠢ ᠬᠠᠩᠭᠠᠨ᠎ᠠ᠃ | ᠬᠤᠶᠠᠷ᠂ ᠡᠪᠡᠰᠦ ᠠᠷᠢᠯᠭᠠᠭᠴᠢ ᠶᠢ ᠬᠡᠷᠡᠭᠯᠡᠬᠦ | ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠪᠤᠵᠠᠷ ᠡᠪᠡᠰᠦᠨ ᠤ ᠤᠷᠭᠤᠯᠲᠠ ᠶᠢᠨ ᠬᠡᠮᠵᠢᠶ᠎ᠡ ᠶᠢ | ᠦᠨᠳᠦᠰᠦᠯᠡᠵᠦ᠂ ᠡᠪᠡᠰᠦ ᠠᠷᠢᠯᠭᠠᠭᠴᠢ ᠶᠢ ᠵᠣᠬᠢᠰᠲᠠᠢ ᠬᠡᠷᠡᠭᠯᠡᠵᠦ᠂ ᠪᠤᠵᠠᠷ ᠡᠪᠡᠰᠦᠨ ᠤ ᠤᠷᠭᠤᠯᠲᠠ ᠶᠢ | ᠬᠢᠵᠠᠭᠠᠷᠯᠠᠨ᠎ᠠ᠃ | ᠭᠤᠷᠪᠠ᠂ ᠲᠠᠷᠢᠶᠠᠯᠠᠬᠤ ᠠᠷᠭ᠎ᠠ | ᠵᠦᠢ ᠵᠣᠬᠢᠰᠲᠠᠢ ᠲᠠᠷᠢᠶᠠᠯᠠᠬᠤ ᠠᠷᠭ᠎ᠠ ᠪᠠᠷ᠂ ᠵᠢᠱᠢᠶᠡᠯᠡᠪᠡᠯ ᠳᠤᠮᠳᠠ ᠵᠡᠷᠭᠡ ᠶᠢᠨ ᠲᠠᠷᠢᠶᠠᠯᠠᠭ᠎ᠠ᠂ ᠭᠦᠨ | ᠵᠡᠷᠭᠡ ᠶᠢᠨ ᠲᠠᠷᠢᠶᠠᠯᠠᠭ᠎ᠠ ᠪᠠᠷ ᠳᠠᠮᠵᠢᠭᠤᠯᠤᠨ ᠪᠤᠵᠠᠷ ᠡᠪᠡᠰᠦᠨ ᠤ ᠤᠷᠭᠤᠯᠲᠠ ᠶᠢ ᠪᠦᠲᠦᠮᠵᠢᠲᠡᠶ ᠪᠠᠷ ᠬᠢᠵᠠᠭᠠᠷᠯᠠᠵᠤ | ᠴᠢᠳᠠᠬᠤ ᠶᠢᠨ ᠬᠠᠮᠲᠤ ᠲᠡᠵᠢᠭᠡᠯ ᠡᠪᠡᠰᠦᠨ ᠤ ᠴᠢᠨᠠᠷ ᠴᠢᠨᠰᠠᠭ᠎ᠠ ᠪᠠ ᠤᠨᠠᠯᠲᠠ ᠶᠢ ᠳᠡᠭᠡᠭᠰᠢᠯᠡᠭᠦᠯᠬᠦ ᠳᠤ ᠠᠰᠢᠭᠲᠠᠢ | ᠪᠠᠶᠢᠳᠠᠭ᠃ | ᠳᠥᠷᠪᠡ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠ ᠰᠡᠷᠭᠡᠶᠢᠯᠡᠨ ᠵᠠᠰᠠᠬᠤ | ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ ᠲᠤᠬᠠᠢ ᠳᠤᠨᠢ ᠢᠯᠡᠷᠡᠭᠦᠯᠵᠦ᠂ ᠰᠡᠷᠭᠡᠶᠢᠯᠡᠨ ᠵᠠᠰᠠᠬᠤ ᠠᠵᠢᠯ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠲᠥᠷᠥᠯᠬᠢ ᠳᠠᠶᠢᠰᠤᠨ᠂ ᠮᠢᠺᠷᠣᠪ ᠵᠡᠷᠭᠡ ᠠᠮᠢᠳᠤ ᠪᠣᠳᠠᠰ ᠤᠨ | ᠠᠷᠭ᠎ᠠ ᠪᠠᠷ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠶᠢᠨ ᠬᠠᠮᠲᠤ ᠪᠠᠰᠠ ᠬᠢᠮᠢ ᠶᠢᠨ ᠲᠠᠷᠢᠶᠠᠨ | ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ᠃ ᠭᠡᠪᠡᠴᠦ ᠬᠡᠷᠡᠭᠯᠡᠬᠦ ᠠᠷᠭ᠎ᠠ ᠪᠠ ᠬᠡᠮᠵᠢᠶ᠎ᠡ ᠶᠢ ᠠᠩᠬᠠᠷᠴᠤ᠂ ᠲᠡᠵᠢᠭᠡᠯ | ᠡᠪᠡᠰᠦ ᠪᠠ ᠣᠷᠴᠢᠨ ᠲᠣᠭᠤᠷᠢᠨ ᠳᠤ ᠮᠠᠭᠤ ᠨᠥᠯᠥᠭᠡ ᠪᠣᠯᠬᠤ ᠠᠴᠠ ᠵᠠᠶᠢᠯᠠᠰᠬᠢᠬᠦ ᠬᠡᠷᠡᠭᠲᠡᠢ᠃ | ᠲᠠᠪᠤ᠂ ᠬᠤᠷᠢᠶᠠᠯᠲᠠ ᠶᠢᠨ ᠴᠠᠭ ᠬᠤᠭᠤᠴᠠᠭ᠎ᠠ | ᠬᠤᠷᠢᠶᠠᠯᠲᠠ ᠶᠢᠨ ᠴᠠᠭ ᠬᠤᠭᠤᠴᠠᠭ᠎ᠠ ᠶᠢ ᠡᠵᠡᠮᠰᠢᠵᠦ᠂ ᠲᠡᠵᠢᠭᠡᠯ ᠡᠪᠡᠰᠦᠨ ᠤ ᠬᠤᠷᠢᠶᠠᠯᠲᠠ ᠶᠢᠨ ᠴᠠᠭ | ᠬᠤᠭᠤᠴᠠᠭ᠎ᠠ ᠨᠢ ᠲᠡᠭᠦᠨ ᠤ ᠥᠰᠦᠯᠲᠡ ᠶᠢᠨ ᠱᠠᠲᠤ ᠦᠶ᠎ᠡ ᠪᠠ ᠬᠡᠷᠡᠭᠴᠡᠭᠡ ᠪᠠᠷ ᠲᠣᠭᠲᠠᠭᠠᠭᠳᠠᠨ᠎ᠠ᠃ ᠡᠩ ᠤᠨ | ᠪᠠᠶᠢᠳᠠᠯ ᠳᠤ ᠠᠪᠴᠤ ᠬᠡᠯᠡᠪᠡᠯ᠂ ᠲᠡᠵᠢᠭᠡᠯ ᠡᠪᠡᠰᠦ ᠤᠷᠭᠤᠭᠠᠳ ᠬᠡᠷᠡᠭᠯᠡᠬᠦ ᠳᠤ ᠬᠠᠮᠤᠭ ᠤᠨ ᠲᠣᠬᠢᠷᠠᠮᠵᠢᠲᠠᠢ ᠪᠣᠯᠬᠤ | ᠦᠶ᠎ᠡ ᠳᠤ᠂ ᠡᠰᠡᠬᠦᠯ᠎ᠡ ᠲᠡᠵᠢᠭᠡᠯ ᠡᠪᠡᠰᠦ ᠶᠢᠨ ᠴᠡᠴᠡᠭᠯᠡᠬᠦ ᠬᠤᠭᠤᠴᠠᠭᠠᠨ ᠳᠤ ᠬᠠᠮᠤᠭ ᠤᠨ ᠰᠠᠶᠢᠨ ᠬᠤᠷᠢᠶᠠᠯᠲᠠ ᠶᠢᠨ | ᠴᠠᠭ ᠪᠣᠯᠣᠨ᠎ᠠ᠃ ᠡᠭᠦᠨ ᠤ ᠬᠠᠮᠲᠤ ᠲᠡᠵᠢᠭᠡᠯ ᠡᠪᠡᠰᠦᠨ ᠤ ᠪᠦᠷᠢᠨ ᠪᠦᠲᠦᠨ ᠴᠢᠨᠠᠷ ᠢ ᠪᠠᠲᠤᠯᠠᠬᠤ ᠶᠢ ᠠᠩᠬᠠᠷᠴᠤ᠂ | ᠲᠡᠵᠢᠭᠡᠯ ᠡᠪᠡᠰᠦᠨ ᠤ ᠰᠢᠮ᠎ᠡ ᠲᠡᠵᠢᠭᠡᠯ ᠤᠨ ᠪᠦᠷᠢᠯᠳᠦᠭᠦᠨ ᠢ ᠡᠪᠳᠡᠬᠦ ᠠᠴᠠ ᠵᠠᠶᠢᠯᠠᠰᠬᠢᠬᠦ ᠬᠡᠷᠡᠭᠲᠡᠢ᠃ | | |