| | | 3 ᠰᠠᠷ᠎ᠠ ᠶᠢᠨ 3 ᠤ ᠡᠳᠦᠷ᠂ 2025 ᠣᠨ ᠤ ᠶᠤᠸᠠᠨ ᠪᠦᠦ ᠱᠠᠨ ᠲᠣᠭᠤᠷᠢᠭ ᠤᠨ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠵᠤ᠂ ᠪᠥᠬᠦ ᠤᠯᠤᠰ ᠪᠥᠬᠦ ᠣᠷᠤᠨ ᠪᠦᠬᠦ ᠬᠤᠲᠠ ᠶᠢᠨ | ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠲᠠ ᠶᠢᠨ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠠᠵᠢᠯ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ | ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠨ᠂ ᠪᠠᠶᠢᠳᠠᠯ ᠢ | ᠵᠠᠳᠠᠯᠵᠤ᠂ 2025 ᠣᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ | ᠰᠤᠷᠭᠠᠨ ᠬᠥᠮᠦᠵᠢᠭᠦᠯᠬᠦ ᠡᠨᠡ ᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠤᠷᠲᠤᠮᠵᠢ ᠶᠢᠨ ᠪᠦᠲᠦᠮᠵᠢᠲᠡᠢ | ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ︽ᠳᠤᠰᠤᠯᠭᠠᠨ ᠤᠰᠤᠯᠠᠬᠤ ᠮᠠᠶ᠋ᠢᠭ︾ ᠤᠨ᠂ ︽ | ᠲᠠᠯᠠᠪᠤᠷᠵᠢᠭᠤᠯᠤᠭᠰᠠᠨ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ | ᠦᠵᠡᠯ ᠰᠠᠨᠠᠭᠠᠨ ᠤ ᠬᠥᠲᠥᠯᠥᠨ ᠵᠢᠯᠤᠭᠤᠳᠤᠯᠭ᠎ᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ | ᠰᠢᠰᠲ᠋ᠧᠮ ᠢ ᠪᠥᠷᠢᠨᠰᠢᠭᠦᠯᠵᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ | ᠳᠣᠲᠣᠭᠠᠳᠤ ᠭᠠᠳᠠᠭᠠᠳᠤ ᠤᠬᠠᠭᠤᠯᠭ᠎ᠠ ᠶᠢ ᠰᠠᠶᠢᠲᠤᠷ ᠠᠳᠬᠤᠵᠤ᠂ ᠮᠠᠨ ᠤ ᠲᠣᠭᠤᠷᠢᠭ ᠤᠨ ᠴᠢᠨᠠᠷ ᠰᠠᠶᠢᠲᠠᠢ | ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠡᠯᠭᠡ | ᠳᠡᠮᠳᠡᠭ ᠲᠠᠢ ᠳᠡᠯᠭᠡᠷᠡᠭᠦᠯᠬᠦ ᠲᠦᠷᠦᠯ ᠲᠡᠮᠳᠡᠭ ᠢ ᠡᠭᠦᠳᠴᠦ᠂ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ ᠪᠣᠣ | ᠱᠠᠨ ᠤ ᠦᠯᠢᠭᠡᠷ ᠢ ᠰᠠᠶᠢᠲᠤᠷ ᠶᠠᠷᠢᠵᠤ᠂ ᠡᠷᠴᠢ ᠵᠣᠷᠢᠭ ᠢᠶᠠᠨ ᠬᠥᠪᠴᠢᠯᠡᠬᠦ ᠪᠠᠶᠢᠳᠠᠯ ᠢ ᠪᠤᠵᠠᠭᠠᠶᠢᠷᠠᠭᠤᠯᠬᠤ ᠬᠡᠷᠡᠭᠲᠡᠢ᠃ | ᠰᠣᠶᠣᠯ ᠤᠨ ᠬᠠᠩᠭᠠᠯᠭ᠎ᠠ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ︽ᠤᠮᠠᠷᠠᠲᠤ | ᠬᠢᠯᠢ ᠶᠢᠨ ᠰᠣᠶᠣᠯ︾ ᠤᠨ ᠰᠣᠳᠣᠨ ᠲᠦᠷᠦᠯ ᠵᠦᠢᠯ ᠢ ᠡᠭᠦᠳᠦᠨ ᠳᠡᠯᠭᠡᠨ ᠦᠵᠡᠭᠦᠯᠵᠦ᠂ ︽ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠲᠠᠷᠢᠶᠠᠯᠠᠩ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭ᠎ᠠ︾ ᠶᠢ | ᠨᠠᠶᠢᠳᠠᠪᠤᠷᠢᠵᠢᠭᠤᠯᠵᠤ᠂ ᠰᠣᠶᠣᠯ ᠢᠶᠠᠷ ᠬᠥᠮᠦᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃ | ᠰᠢᠨ᠎ᠡ ᠰᠤᠷᠲᠠᠯ ᠢ ᠪᠤᠢ ᠪᠣᠯᠭᠠᠵᠤ ᠰᠢᠨ᠎ᠡ ᠬᠥᠮᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ | ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ | ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ︽ᠪᠣᠯᠪᠠᠰᠤᠨ ᠰᠢᠨ᠎ᠡ ᠬᠡᠪ ᠰᠤᠷᠲᠠᠯ ᠢᠶᠠᠷ ᠪᠤᠤ ᠱᠠᠨ ᠢ | ᠤᠮᠳᠠᠯᠠᠬᠤ︾ ᠨᠠᠢᠮᠠᠨ ᠶᠡᠭᠡ ᠪᠣᠯᠪᠠᠰᠤᠨ ᠤ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠣᠯᠪᠠᠰᠤᠨ ᠰᠠᠶᠢᠨ | ᠰᠠᠶᠢᠬᠠᠨ ᠢ ᠬᠥᠭᠡᠭᠡᠴᠡᠯᠳᠦᠬᠦ ᠰᠤᠷᠲᠠᠯ ᠢ ᠪᠠᠳᠠᠷᠠᠭᠤᠯᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠰᠠᠶᠢᠲᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ | ᠴᠤᠬᠴᠠᠵᠢᠭᠤᠯᠤᠨ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠴᠢᠩᠭᠠᠳᠬᠠᠵᠤ᠂ ᠠᠮᠤᠷ ᠲᠦᠪᠰᠢᠨ ᠢ | ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ | ᠠᠵᠢᠯ ᠤᠨ ᠰᠠᠭᠤᠷᠢ ᠪᠠᠨ ᠪᠠᠬᠢᠵᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ | ᠨᠠᠮ ᠤᠨ ᠤᠳᠤᠷᠢᠳᠤᠯᠭ᠎ᠠ ᠶᠢ ᠣᠯᠡᠮ ᠨᠢᠭᠡ ᠠᠯᠬᠤᠮ ᠴᠢᠩᠭᠠᠳᠬᠠᠵᠤ᠂ ᠪᠦᠬᠦ ᠣᠷᠣᠨ ᠤ ︽ᠬᠤᠶᠠᠷ ᠶᠡᠭᠡ ᠶᠠᠪᠤᠳᠠᠯ︾ | ᠢ ᠰᠠᠶᠢᠲᠤᠷ ᠬᠢᠬᠦ᠂ ︽ᠵᠢᠷᠭᠤᠭᠠᠨ ᠠᠵᠢᠯᠯᠠᠭ᠎ᠠ︾ ᠪᠣᠯᠤᠨ ︽ᠠᠷᠪᠠᠨ ᠶᠡᠭᠡ ᠠᠵᠢᠯᠯᠠᠭ᠎ᠠ︾ ᠶᠢ ᠠᠬᠢᠭᠤᠯᠬᠤ ᠳᠤ | ᠥᠢᠯᠡᠴᠢᠯᠡᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤᠮᠳᠠ ᠤᠬᠠᠭᠤᠯᠭ᠎ᠠ ᠶᠢᠨ ᠹᠷᠣᠨᠲ ᠤᠨ ᠰᠢᠨ᠎ᠡ | ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |