2025 ᠣᠨ ᠤ ᠶᠤᠸᠠᠨ ᠪᠦᠦ ᠱᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/5
   
a1_副本.jpg
       3 ᠰᠠᠷ᠎ᠠ ᠶᠢᠨ 3 ᠤ ᠡᠳᠦᠷ᠂ 2025 ᠣᠨ ᠤ ᠶᠤᠸᠠᠨ ᠪᠦᠦ ᠱᠠᠨ ᠲᠣᠭᠤᠷᠢᠭ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠵᠤ᠂ ᠪᠥᠬᠦ ᠤᠯᠤᠰ ᠪᠥᠬᠦ ᠣᠷᠤᠨ ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠬᠤᠲᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠢᠯ ᠢᠶᠠᠨ ᠳ᠋ᠦᠩᠨᠡᠨ᠂ ᠪᠠᠶᠢᠳᠠᠯ ᠢ ᠵᠠᠳᠠᠯᠵᠤ᠂ 2025 ᠣᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠤᠸᠠᠨ ᠶᠦᠨ ᠾᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠪᠦᠬᠦ ᠨᠠᠮ ᠢ ᠵᠡᠪᠰᠡᠭᠯᠡᠬᠦ᠂ ᠠᠷᠠᠳ ᠲᠦᠮᠡᠨ ᠢ ᠰᠤᠷᠭᠠᠨ ᠬᠥᠮᠦᠵᠢᠭᠦᠯᠬᠦ ᠡᠨᠡ ᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠤᠷᠲᠤᠮᠵᠢ ᠶᠢᠨ ᠪᠦᠲᠦᠮᠵᠢᠲᠡᠢ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ︽ᠳᠤᠰᠤᠯᠭᠠᠨ ᠤᠰᠤᠯᠠᠬᠤ ᠮᠠᠶ᠋ᠢᠭ︾ ᠤᠨ᠂ ︽ᠲᠠᠯᠠᠪᠤᠷᠵᠢᠭᠤᠯᠤᠭᠰᠠᠨ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠦᠵᠡᠯ ᠰᠠᠨᠠᠭᠠᠨ ᠤ ᠬᠥᠲᠥᠯᠥᠨ ᠵᠢᠯᠤᠭᠤᠳᠤᠯᠭ᠎ᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠪᠥᠷᠢᠨᠰᠢᠭᠦᠯᠵᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠳᠣᠲᠣᠭᠠᠳᠤ ᠭᠠᠳᠠᠭᠠᠳᠤ ᠤᠬᠠᠭᠤᠯᠭ᠎ᠠ ᠶᠢ ᠰᠠᠶᠢᠲᠤᠷ ᠠᠳᠬᠤᠵᠤ᠂ ᠮᠠᠨ ᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠡᠯᠭᠡ ᠳᠡᠮᠳᠡᠭ ᠲᠠᠢ ᠳᠡᠯᠭᠡᠷᠡᠭᠦᠯᠬᠦ ᠲᠦᠷᠦᠯ ᠲᠡᠮᠳᠡᠭ ᠢ ᠡᠭᠦᠳᠴᠦ᠂ ᠪᠦᠬᠦ ᠲᠠᠯ᠎ᠠ ᠪᠠᠷ᠂ ᠤᠯᠠᠨ ᠲᠡᠰ ᠳᠠᠪᠬᠤᠷᠭ᠎ᠠ ᠪᠠᠷ ᠪᠣᠣ ᠱᠠᠨ ᠤ ᠦᠯᠢᠭᠡᠷ ᠢ ᠰᠠᠶᠢᠲᠤᠷ ᠶᠠᠷᠢᠵᠤ᠂ ᠡᠷᠴᠢ ᠵᠣᠷᠢᠭ ᠢᠶᠠᠨ ᠬᠥᠪᠴᠢᠯᠡᠬᠦ ᠪᠠᠶᠢᠳᠠᠯ ᠢ ᠪᠤᠵᠠᠭᠠᠶᠢᠷᠠᠭᠤᠯᠬᠤ ᠬᠡᠷᠡᠭᠲᠡᠢ᠃ ᠰᠣᠶᠣᠯ ᠤᠨ ᠬᠠᠩᠭᠠᠯᠭ᠎ᠠ ᠶᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠰᠣᠳᠣᠨ ᠲᠦᠷᠦᠯ ᠵᠦᠢᠯ ᠢ ᠡᠭᠦᠳᠦᠨ ᠳᠡᠯᠭᠡᠨ ᠦᠵᠡᠭᠦᠯᠵᠦ᠂ ︽ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠲᠠᠷᠢᠶᠠᠯᠠᠩ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠰᠣᠶᠣᠯ ᠢᠶᠠᠷ ᠬᠥᠮᠦᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ᠃ ᠰᠢᠨ᠎ᠡ ᠰᠤᠷᠲᠠᠯ ᠢ ᠪᠤᠢ ᠪᠣᠯᠭᠠᠵᠤ ᠰᠢᠨ᠎ᠡ ᠬᠥᠮᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭ᠎ᠠ︾ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ︽ᠪᠣᠯᠪᠠᠰᠤᠨ ᠰᠢᠨ᠎ᠡ ᠬᠡᠪ ᠰᠤᠷᠲᠠᠯ ᠢᠶᠠᠷ ᠪᠤᠤ ᠱᠠᠨ ᠢ ᠤᠮᠳᠠᠯᠠᠬᠤ︾ ᠨᠠᠢᠮᠠᠨ ᠶᠡᠭᠡ ᠪᠣᠯᠪᠠᠰᠤᠨ ᠤ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠪᠣᠯᠪᠠᠰᠤᠨ ᠰᠠᠶᠢᠨ ᠰᠠᠶᠢᠬᠠᠨ ᠢ ᠬᠥᠭᠡᠭᠡᠴᠡᠯᠳᠦᠬᠦ ᠰᠤᠷᠲᠠᠯ ᠢ ᠪᠠᠳᠠᠷᠠᠭᠤᠯᠬᠤ ᠬᠡᠷᠡᠭᠲᠡᠢ᠃ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠬᠴᠠᠵᠢᠭᠤᠯᠤᠨ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠴᠢᠩᠭᠠᠳᠬᠠᠵᠤ᠂ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠣᠯᠡᠮ ᠨᠢᠭᠡ ᠠᠯᠬᠤᠮ ᠴᠢᠩᠭᠠᠳᠬᠠᠵᠤ᠂ ᠪᠦᠬᠦ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ᠂ ︽ᠵᠢᠷᠭᠤᠭᠠᠨ ᠠᠵᠢᠯᠯᠠᠭ᠎ᠠ︾ ᠪᠣᠯᠤᠨ ︽ᠠᠷᠪᠠᠨ ᠶᠡᠭᠡ ᠠᠵᠢᠯᠯᠠᠭ᠎ᠠ︾ ᠶᠢ ᠠᠬᠢᠭᠤᠯᠬᠤ ᠳᠤ ᠥᠢᠯᠡᠴᠢᠯᠡᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤᠮᠳᠠ ᠤᠬᠠᠭᠤᠯᠭ᠎ᠠ ᠶᠢᠨ ᠹᠷᠣᠨᠲ ᠤᠨ ᠰᠢᠨ᠎ᠡ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1