ᠶᠤᠸᠠᠨ ᠪᠦᠦ ᠱᠠᠨ ᠲᠣᠭᠤᠷᠢᠭ 2025 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
   
a1_副本.jpg
       3 ᠰᠠᠷ᠎ᠠ ᠶᠢᠨ 5᠎ ᠤ ᠡᠳᠦᠷ᠂ ᠶᠤᠸᠠᠨ ᠪᠦᠦ ᠱᠠᠨ ᠲᠣᠭᠤᠷᠢᠭ 2025 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ 2024 ᠣᠨ ᠤ ᠵᠣᠬᠢᠶᠠᠨ ᠪᠠᠶᠢᠭᠤᠯᠬᠤ ᠠᠵᠢᠯ ᠢ ᠡᠷᠭᠢᠴᠡᠭᠦᠯᠦᠨ ᠳ᠋ᠦᠩᠨᠡᠵᠦ᠂ 2025 ᠣᠨ ᠤ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠨᠢᠭᠡ ᠭᠤᠣᠯ ᠱᠤᠭᠤᠮ︾᠎ ᠳᠤ ᠠᠩᠬᠠᠷᠤᠯ ᠢᠶᠠᠨ ᠲᠥᠪᠯᠡᠷᠡᠭᠦᠯᠦᠨ ᠬᠥᠮᠦᠵᠢᠯ ᠢ ᠪᠣᠳᠠᠲᠠᠢ ᠠᠳᠬᠤᠵᠤ᠂ ᠢᠲᠡᠭᠡᠯ ᠵᠣᠷᠢᠭ ᠢᠶᠠᠨ ᠴᠢᠩᠭᠠᠳᠬᠠᠬᠤ ᠶᠢ ᠪᠠᠷᠢᠮᠲᠠᠯᠠᠨ᠂ ᠨᠠᠮ ᠤᠨ ᠰᠢᠨ᠎ᠡ ᠶᠢ ᠡᠭᠦᠳᠬᠦ ᠤᠨᠤᠯ ᠢ ᠤᠶᠤᠨ ᠲᠠᠷᠢᠬᠢᠨ ᠳᠤᠨᠢ ᠬᠠᠳᠠᠩᠰᠢᠭᠤᠯᠵᠤ᠂ ᠦᠢᠯᠡ ᠠᠵᠢᠯᠯᠠᠭ᠎ᠠ ᠲᠠᠢ ᠪᠠᠷ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ︔ ᠺᠠᠳ᠋ᠷ ᠢ ᠨᠠᠷᠢᠯᠢᠭ ᠣᠨᠣᠪᠴᠢᠲᠠᠢ ᠰᠢᠯᠢᠨ ᠰᠣᠩᠭᠤᠵᠤ᠂ ᠡᠬᠢ ᠡᠭᠦᠰᠦᠯ ᠠᠴᠠ ᠨᠢ ᠬᠥᠮᠦᠵᠢᠭᠦᠯᠬᠦ ᠶᠢ ᠴᠢᠬᠤᠯᠠᠴᠢᠯᠠᠵᠤ᠂ ᠬᠦᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠰᠢᠰᠲ᠋ᠧᠮ ᠲᠠᠢ ᠬᠢᠨᠠᠨ ᠬᠠᠮᠢᠶᠠᠷᠬᠤ ᠶᠢ ᠴᠢᠩᠭᠠᠳᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠦᠢᠯᠡᠴᠢᠯᠡᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠣᠢ ᠪᠣᠯᠭᠠᠬᠤ ᠬᠡᠷᠡᠭᠲᠡᠢ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠳᠠ ᠦᠭᠡᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠲᠣᠭᠲᠠᠴᠠ᠂ ᠨᠠᠮ ᠤᠨ ᠭᠡᠰᠢᠭᠦᠨ ᠢ ᠬᠦᠭᠵᠢᠭᠦᠯᠬᠦ ᠲᠣᠭᠲᠠᠴᠠ᠂ ᠨᠠᠮ ᠤᠨ ᠭᠡᠰᠢᠭᠦᠨ ᠤ ᠬᠠᠮᠢᠶᠠᠷᠤᠯᠲᠠ ᠶᠢᠨ ᠬᠢᠨᠠᠯᠲᠠ ᠶᠢᠨ ᠲᠣᠭᠲᠠᠴᠠ᠂ ᠨᠠᠮ ᠤᠨ ᠭᠡᠰᠢᠭᠦᠨ ᠤ ᠦᠢᠯᠡᠳᠦᠯ ᠢ ᠪᠠᠳᠠᠷᠠᠭᠤᠯᠬᠤ ᠲᠣᠭᠲᠠᠴᠠ᠂ ᠨᠠᠮ ᠤᠨ ᠭᠡᠰᠢᠭᠦᠨ ᠢ ᠤᠷᠮᠠᠰᠢᠭᠤᠯᠤᠨ ᠬᠠᠯᠠᠮᠵᠢᠯᠠᠵᠤ ᠬᠠᠪᠰᠤᠷᠤᠨ ᠳᠡᠳᠭᠦᠬᠦ ᠲᠣᠭᠲᠠᠴᠠ ᠶᠢ ᠪᠥᠷᠢᠨᠰᠢᠭᠦᠯᠥᠨ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠡᠯ᠎ᠡ ᠵᠦᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠡᠷᠡᠭᠯᠡᠯᠲᠡ ᠶᠢᠨ ᠦᠷ᠎ᠡ ᠪᠦᠲᠦᠮᠵᠢ ᠶᠢ ᠪᠠᠳᠠᠷᠠᠭᠤᠯᠵᠤ᠂ ᠪᠦᠦ ᠱᠠᠨ ᠤ ᠴᠢᠨᠠᠷ ᠰᠠᠶᠢᠲᠠᠶ ᠣᠶᠤᠨ ᠤ ᠲᠤᠯᠭᠠᠭᠤᠷᠢᠯᠠᠯ ᠢ ᠥᠷᠭᠡᠨ ᠢᠶᠠᠷ ᠬᠤᠷᠠᠮᠳᠤᠭᠤᠯᠬᠤ ᠬᠡᠷᠡᠭᠲᠡᠢ᠃ ᠤᠯᠤᠰ ᠲᠦᠷᠦ ᠪᠠᠷ ᠬᠡᠯᠳᠡᠰ ᠪᠠᠶᠢᠭᠤᠯᠬᠤ᠂ ᠴᠢᠳᠠᠪᠤᠷᠢ ᠪᠠᠷ ᠬᠡᠯᠳᠡᠰ ᠢ ᠬᠦᠴᠦᠷᠬᠡᠭᠵᠢᠭᠦᠯᠬᠦ᠂ ᠰᠣᠷᠳᠠᠯ ᠢᠶᠠᠷ ᠬᠡᠯᠳᠡᠰ ᠢ ᠮᠠᠨᠳᠤᠭᠤᠯᠬᠤ᠂ ᠬᠡᠯᠳᠡᠰ ᠢ ᠴᠢᠩᠭ᠎ᠠ ᠵᠠᠰᠠᠬᠤ ᠤᠷᠲᠤᠮᠵᠢ ᠶᠢᠨ ᠪᠦᠲᠦᠮᠵᠢᠲᠠᠢ ᠲᠤᠭᠲᠠᠴᠠ ᠶᠢ ᠪᠠᠶᠢᠭᠤᠯᠵᠤ᠂ ᠴᠢᠳᠠᠪᠤᠷᠢ ᠣᠯᠡᠨ ᠠᠴᠠ ᠴᠤᠯᠭᠤᠷᠠᠭᠰᠠᠨ᠂ ᠣᠪᠣᠷ ᠰᠣᠷᠳᠠᠯ ᠰᠢᠯᠢᠳᠡᠭ ᠰᠠᠶᠢᠨ ᠵᠢᠱᠢᠶᠡᠴᠢ ᠰᠠᠯᠠᠭ᠎ᠠ ᠮᠦᠴᠢᠷ ᠪᠠ ᠰᠢᠯᠭᠠᠷᠠᠭᠰᠠᠨ ᠡᠩᠨᠡᠭᠡ ᠶᠢ ᠪᠣᠢ ᠪᠣᠯᠭᠠᠵᠤ᠂ ᠪᠣᠣ ᠱᠠᠨ ᠤ ᠬᠦᠭᠵᠢᠯᠲᠡ ᠶᠢ ᠲᠦᠯᠬᠢᠨ ᠠᠬᠢᠭᠤᠯᠬᠤ ᠳᠤ ᠪᠠᠲᠤ ᠪᠠᠬᠢ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1