ᠶᠤᠸᠠᠨ ᠪᠦᠦ ᠱᠠᠨ ᠲᠣᠭᠤᠷᠢᠭ 2025 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
   a1_副本.jpg
       3 ᠰᠠᠷ᠎ᠠ ᠶᠢᠨ 5᠎ ᠤ ᠡᠳᠦᠷ᠂ ᠶᠤᠸᠠᠨ ᠪᠦᠦ ᠱᠠᠨ ᠲᠣᠭᠤᠷᠢᠭ 2025 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠠᠵᠢᠯ ᠢᠶᠠᠨ ᠳ᠋ᠦᠩᠨᠡᠵᠦ᠂ 2025 ᠣᠨ ᠤ ᠡᠭᠦᠷᠭᠡ ᠶᠢ ᠪᠠᠶᠢᠷᠢᠯᠠᠭᠤᠯᠵᠤ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ 2024 ᠤᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠤᠭᠤᠷᠢᠭ ᠤᠨ ᠨᠢᠭᠡᠳᠦᠮᠡᠯ ᠹᠷᠣᠨᠲ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠬᠦᠷᠢᠶᠡᠨ ᠤ ᠭᠤᠣᠯᠳᠠᠯᠭ᠎ᠠ ᠲᠠᠢ ᠠᠵᠢᠯ ᠢ ᠨᠢᠭᠡ ᠴᠤᠬᠴᠠᠵᠢᠭᠤᠯᠤᠨ ᠲᠥᠯᠥᠪᠵᠢᠭᠦᠯᠵᠦ᠂ ᠪᠠᠶᠢᠷᠢᠯᠠᠭᠤᠯᠬᠤ ᠪᠠ ᠠᠬᠢᠭᠤᠯᠵᠤ᠂ ᠡᠯ᠎ᠡ ᠵᠦᠢᠯ ᠤᠨ ᠠᠵᠢᠯ ᠨᠡᠯᠢᠶᠡᠳ ᠰᠠᠶᠢᠨ ᠠᠮᠵᠢᠯᠲᠠ ᠣᠯᠵᠤ᠂ ᠪᠦᠬᠦ ᠲᠤᠭᠤᠷᠢᠭ ᠤᠨ ᠤᠯᠠᠨ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠳᠠ ᠶᠢᠨ ᠱᠠᠲᠤᠨ ᠤ ᠬᠥᠬᠢᠭᠦᠯᠦᠯ ᠢ ᠣᠯᠵᠤ᠂ ᠨᠢᠭᠡᠳᠦᠮᠡᠯ ᠹᠷᠣᠨᠲ ᠤᠨ ᠮᠡᠳᠡᠭᠡ ᠵᠠᠩᠭᠢ ᠶᠢᠨ ᠠᠵᠢᠯ ᠤᠨ ᠬᠢᠷᠢ ᠪᠥᠲᠥᠮᠵᠢ ᠦᠷᠭᠦᠯᠵᠢᠯᠡᠨ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ᠨᠢᠭᠡᠳᠦᠮᠡᠯ ᠹᠷᠣᠨᠲ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠤᠯᠡᠮ ᠨᠢᠭᠡ ᠠᠯᠬᠤᠮ ᠢᠯᠡᠷᠡᠭᠦᠯᠵᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ 2025 ᠣᠨ ᠳᠤ᠂ ᠪᠦᠬᠦ ᠲᠣᠭᠤᠷᠢᠭ ᠤᠨ ᠨᠢᠭᠡᠳᠦᠮᠡᠯ ᠹᠷᠣᠨᠲ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠲᠥᠯᠥᠨ ᠵᠢᠯᠤᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠶᠤᠸᠠᠨ ᠪᠦᠦ ᠱᠠᠨ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢᠨ ᠲᠥᠯᠥᠭᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠯ᠎ᠡ ᠬᠦᠷᠢᠶᠡᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠥᠴᠥᠯᠡᠵᠦ᠂ ᠨᠢᠭᠡᠳᠦᠮᠡᠯ ᠹᠷᠣᠨᠲ ᠤᠨ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠳᠤ ᠬᠥᠴᠥᠯᠡᠬᠦ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠣᠯᠡᠮ ᠨᠢᠭᠡ ᠠᠯᠬᠤᠮ ᠬᠥᠮᠦᠰ ᠤᠨ ᠰᠡᠳᠬᠢᠯ ᠢ ᠨᠢᠭᠲᠠᠷᠠᠭᠤᠯᠤᠨ᠂ ᠬᠦᠴᠦᠨ ᠴᠢᠳᠠᠯ ᠢ ᠨᠢᠭᠡᠳᠬᠡᠵᠦ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1