ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠠᠭᠡᠭᠰᠢᠯᠡᠭᠦᠯᠭᠦ ᠠᠵᠢᠯᠯᠠᠭ᠎ᠠ ᠶᠢ ᠦᠷ᠎ᠡ ᠪᠦᠳᠦᠮᠵᠢᠳᠠᠢ | ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ ︽ᠰᠣᠶᠣᠯ ᠲᠡᠦᠬᠡ ᠶᠢᠨ ᠳᠤᠷᠠᠰᠬᠠᠯᠲᠤ | ᠵᠦᠢᠯᠡᠰ ᠤᠨ ᠨᠢᠭᠡᠴᠢ ᠶᠢᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠠᠬᠢᠭᠤᠯᠬᠤ | ᠲᠤᠬᠠᠢ ᠰᠠᠨᠠᠯ︾ ᠢ ᠨᠡᠶᠢᠲᠡᠯᠡᠵᠡᠢ᠃ | ︽ᠰᠠᠨᠠᠯ︾ ᠳᠤ᠂ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠳᠤ ᠬᠦᠴᠦ ᠲᠠᠯᠪᠢᠵᠤ᠂ ᠰᠣᠶᠣᠯ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ | ᠢᠯᠡᠷᠡᠭᠦᠯᠦᠭᠰᠡᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠣᠨᠣᠴᠠᠲᠠᠢ ᠪᠠᠷ ᠲᠡᠳᠬᠦᠨ | ᠳᠡᠮᠵᠢᠬᠦ ᠶᠢᠨ ᠬᠠᠮᠲᠤ ᠨᠡᠶᠢᠭᠡᠮ ᠤᠨ ᠬᠦᠴᠦᠨ ᠢ ᠲᠡᠳᠡᠨ ᠣᠷᠣᠯᠴᠠᠭᠤᠯᠵᠤ᠂ ᠠᠷᠠᠳ ᠣᠯᠠᠨ ᠤ ᠦᠵᠡᠵᠦ ᠰᠣᠨᠢᠷᠬᠠᠬᠤ | ᠳᠤᠷᠠᠲᠠᠢ ᠭᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠠᠯᠳᠠᠷᠰᠢᠭᠤᠯᠤᠨ᠂ ᠤᠮᠠᠷᠠᠲᠤ | ᠬᠢᠯᠢ ᠶᠢᠨ ᠰᠣᠶᠣᠯ ᠢ ᠲᠦᠭ ᠲᠦᠮᠡᠨ ᠠᠶᠢᠯ ᠡᠷᠦᠭᠡ ᠳᠤ ᠬᠦᠷᠭᠡᠨ᠎ᠡ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠳᠤ | ᠲᠠᠯᠪᠢᠵᠤ᠂ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠬᠤ ᠵᠠᠷᠴᠢᠮ ᠢ ᠵᠢᠷᠤᠮᠯᠠᠨ᠂ ᠰᠣᠶᠣᠯ | ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠪᠡᠶ᠎ᠡ ᠪᠠᠨ ᠳᠠᠭᠠᠭᠠᠵᠤ ᠨᠡᠭᠡᠭᠡᠨ ᠬᠥᠭᠵᠢᠭᠦᠯᠬᠦ᠂ | ᠬᠠᠮᠲᠤᠷᠠᠯᠴᠠᠬᠤ᠂ ᠡᠷᠬᠡ ᠣᠯᠭᠤᠬᠤ ᠵᠡᠷᠭᠡ ᠭᠡᠯᠪᠡᠷᠢ ᠪᠠᠷ ᠨᠡᠶᠢᠭᠡᠮ ᠤᠨ ᠬᠦᠴᠦᠨ ᠢ ᠲᠠᠲᠠᠬᠤ ᠶᠢ ᠳᠡᠮᠵᠢᠵᠦ᠂ | ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠰᠢᠨ᠎ᠡ ᠦᠵᠡᠰᠭᠦᠯᠡᠩ᠂ ᠰᠥᠨᠢ ᠶᠢᠨ ᠵᠢᠭᠤᠯᠴᠢᠯᠠᠯ ᠤᠨ | ᠰᠤᠳᠤᠯᠤᠨ ᠰᠤᠷᠤᠯᠴᠠᠬᠤ᠂ ᠳᠠᠭᠠᠯᠲᠠ ᠪᠦᠲᠦᠭᠡᠭᠳᠡᠬᠦᠨ᠂ ᠭᠦᠨᠵᠡᠭᠡᠢ ᠪᠡᠶᠡᠴᠢᠯᠡᠨ ᠣᠶᠢᠯᠠᠭᠠᠬᠤ ᠵᠢᠭᠤᠯᠴᠢᠯᠠᠯ᠂ | ᠣᠨᠴᠠᠯᠢᠭᠲᠤ ᠺᠢᠨᠣ᠋ ᠲᠧᠯᠸᠢᠰ ᠤᠷᠠᠯᠢᠭ ᠤᠨ ᠲᠣᠭᠯᠠᠭᠠᠮ ᠵᠡᠷᠭᠡ ᠣᠯᠠᠨ ᠡᠰᠢᠲᠦ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠠᠩᠬᠠᠨ ᠤ ᠪᠦᠯᠦᠭ ᠲᠤ ᠥᠪᠥᠷ ᠮᠣᠩᠭᠤᠯ ᠤᠨ ᠮᠦᠽᠧᠢ᠂ ᠥᠪᠥᠷ | ᠮᠣᠩᠭᠤᠯ ᠤᠨ ᠨᠣᠮ ᠤᠨ ᠰᠠᠩ᠂ ᠥᠪᠥᠷ ᠮᠣᠩᠭᠤᠯ ᠤᠨ ᠰᠣᠶᠣᠯ ᠤᠨ ᠣᠷᠳᠣᠨ᠂ ᠥᠪᠥᠷ ᠮᠣᠩᠭᠤᠯ ᠤᠨ ᠤᠷᠠᠨ | ᠵᠢᠷᠤᠭ ᠤᠨ ᠣᠷᠳᠣᠨ᠂ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠣᠷᠳᠣᠨ ᠵᠡᠷᠭᠡ 5 ᠨᠢᠭᠡᠴᠢ ᠵᠢᠴᠢ ᠡᠯ᠎ᠡ | ᠠᠶᠢᠮᠠᠭ ᠬᠤᠲᠠ ᠶᠢᠨ ᠤᠯᠤᠰ ᠤᠨ ᠨᠢᠭᠡᠳᠦᠭᠡᠷ ᠳᠡᠰ ᠤᠨ ᠮᠦᠽᠧᠢ ᠶᠢ ᠰᠣᠩᠭᠤᠨ ᠲᠤᠷᠰᠢᠯᠲᠠ ᠶᠢᠨ ᠴᠡᠭ ᠪᠤᠯᠭᠠᠵᠤ᠂ | ᠲᠤᠷᠰᠢᠯᠲᠠ ᠶᠢᠨ ᠨᠢᠭᠡᠴᠢ ᠨᠢ ᠮᠡᠳᠡᠯᠭᠡ ᠶᠢᠨ ᠥᠮᠴᠢᠯᠡᠯ ᠤᠨ ᠡᠷᠬᠡ ᠪᠠᠷ ᠢᠶᠠᠨ ᠰᠣᠶᠣᠯ ᠤᠨ ᠰᠢᠨ᠎ᠡ ᠡᠭᠦᠳᠦᠯᠲᠡ ᠶᠢᠨ | ᠠᠵᠤ ᠠᠬᠤᠶᠢᠯᠠᠯ ᠳᠤ ᠬᠤᠪᠢ ᠣᠷᠣᠵᠤ᠂ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ | ᠡᠳ᠋ ᠬᠥᠷᠥᠩᠭᠡ ᠶᠢ ᠨᠢᠭᠡᠳᠦᠯᠲᠡᠢ ᠬᠢᠨᠠᠯᠲᠠ ᠬᠠᠮᠢᠶᠠᠷᠤᠯᠲᠠ ᠳᠤ ᠣᠷᠣᠭᠤᠯᠤᠨ᠎ᠠ᠃ ᠰᠣᠶᠣᠯ ᠲᠡᠦᠬᠡ ᠶᠢᠨ | ᠳᠤᠷᠠᠰᠬᠠᠯᠲᠤ ᠵᠦᠢᠯᠡᠰ ᠤᠨ ᠨᠢᠭᠡᠴᠢ ᠶᠢᠨ ᠠᠵᠢᠯᠲᠠᠨ ᠲᠤᠬᠠᠶᠢᠯᠠᠭᠰᠠᠨ ᠠᠵᠢᠯ ᠢᠶᠠᠨ ᠪᠡᠶᠡᠯᠡᠭᠦᠯᠦᠭᠰᠡᠨ ᠤᠷᠢᠲᠠᠯ | ᠳᠣᠣᠷ᠎ᠠ᠂ ᠵᠥᠪᠰᠢᠶᠡᠷᠡᠯ ᠠᠪᠴᠤ ᠬᠠᠷᠢᠶ᠎ᠠ ᠠᠵᠤ ᠠᠬᠤᠶᠢᠯᠠᠯ ᠪᠤᠶᠤ ᠬᠤᠷᠰᠢᠭᠰᠠᠨ ᠠᠵᠤ ᠠᠬᠤᠶᠢᠯᠠᠯ ᠳᠤ ᠬᠦᠷᠴᠦ | ᠲᠦᠷ ᠴᠠᠭ ᠲᠤᠰᠢᠶᠠᠯ ᠡᠭᠦᠷᠭᠡᠯᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ ᠪᠣᠯᠣᠨ᠎ᠠ | ᠭᠡᠵᠦ ᠲᠣᠭᠲᠠᠵᠠᠢ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠷᠣᠯᠭ᠎ᠠ ᠶᠢᠨ | ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠣᠯᠠᠨ ᠡᠰᠢᠵᠢᠭᠰᠡᠨ ᠪᠡᠯᠡ | ᠣᠷᠣᠭᠤᠯᠤᠯᠲᠠ ᠶᠢᠨ ᠲᠣᠭᠲᠠᠴᠠ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ | ᠠᠷᠭ᠎ᠠ ᠭᠡᠯᠪᠡᠷᠢ ᠶᠢ ᠲᠡᠭᠦᠯᠳᠡᠷᠵᠢᠭᠦᠯᠵᠦ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ | ᠬᠠᠩᠭᠠᠯᠭ᠎ᠠ ᠶᠢ ᠰᠢᠯᠢᠳᠡᠭᠵᠢᠭᠦᠯᠬᠦ ᠳᠤ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ | ᠦᠢᠯᠡᠳᠦᠯ ᠢ ᠴᠢᠩᠭᠠᠳᠬᠠᠨ᠎ᠠ᠃ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠰᠣᠶᠣᠯ ᠤᠨ | ᠪᠦᠲᠦᠭᠡᠯᠴᠢ ᠦᠢᠯᠡᠳᠬᠦᠨ ᠤ ᠣᠷᠣᠯᠭ᠎ᠠ ᠶᠢ ᠪᠠᠶᠢᠭᠤᠯᠭ᠎ᠠ ᠨᠢᠭᠡᠴᠢ ᠶᠢᠨ ᠢᠶᠠᠨ ᠲᠥᠰᠥᠪ ᠲᠤ ᠣᠷᠣᠭᠤᠯᠤᠨ | ᠨᠢᠭᠡᠳᠦᠯᠲᠡᠢ ᠬᠠᠮᠢᠶᠠᠷᠴᠤ᠂ ᠠᠵᠢᠯ ᠦᠢᠯᠡᠰ ᠢᠶᠠᠨ ᠬᠥᠭᠵᠢᠭᠦᠯᠬᠦ ᠠᠵᠢᠯᠲᠠᠳ ᠢᠶᠠᠨ ᠤᠷᠮᠠᠰᠢᠭᠤᠯᠬᠤ ᠳᠤ ᠬᠡᠷᠡᠭᠯᠡᠵᠦ | ᠪᠣᠯᠣᠨ᠎ᠠ᠃ | |