ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠰᠠᠨᠠᠯ | ︵2025 ᠣᠨ ᠤ 3 ᠰᠠᠷ᠎ᠠ ᠶᠢᠨ 21 ᠤ ᠡᠳᠦᠷ︶ | ᠨᠡᠶᠢᠭᠡᠮ ᠤᠨ ᠢᠲᠡᠭᠡᠮᠵᠢ ᠶᠢᠨ ᠳᠦᠷᠢᠮ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ ᠳᠦᠷᠢᠮ ᠮᠥᠨ | ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠵᠠᠰᠠᠭ ᠤᠨ ᠣᠷᠳᠣᠨ | ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ ᠪᠤᠯᠭᠠᠬᠤ᠂ ᠪᠦᠭᠦ ᠨᠡᠶᠢᠭᠡᠮ ᠢᠶᠠᠷ ᠢᠶᠠᠨ ᠬᠠᠮᠲᠤ ᠪᠠᠷ | ᠪᠠᠶᠢᠭᠤᠯᠬᠤ ᠶᠢ ᠪᠠᠷᠢᠮᠲᠠᠯᠠᠨ᠂ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢ ᠪᠠᠷᠢᠮᠲᠠᠯᠠᠨ᠂ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠪᠠ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ | ᠠᠭᠤᠰᠤᠯᠴᠠᠭᠤᠯᠬᠤ ᠶᠢ ᠪᠠᠷᠢᠮᠲᠠᠯᠠᠨ᠂ ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ ᠶᠢ ᠵᠦᠢ ᠵᠣᠬᠢᠰᠲᠠᠢ ᠬᠠᠤᠯᠢ | ᠶᠣᠰᠣᠨ ᠳᠤ ᠨᠡᠶᠢᠴᠡᠭᠦᠯᠬᠦ ᠶᠢ ᠪᠠᠷᠢᠮᠲᠠᠯᠠᠨ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ᠂ ᠳᠦᠷᠢᠮ ᠵᠠᠷᠴᠢᠮ | ᠨᠢᠭᠡᠳᠦᠯᠲᠡᠢ᠂ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤ ᠪᠠᠷ ᠬᠡᠷᠡᠭᠯᠡᠬᠦ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠢ ᠪᠠᠶᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠡᠯ᠎ᠡ ᠲᠠᠯ᠎ᠠ ᠡᠯ᠎ᠡ ᠭᠤᠭᠴᠤᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠢ ᠲᠦᠷᠭᠡᠨ ᠪᠠᠶᠢᠭᠤᠯᠬᠤ᠂ ᠲᠥᠪ ᠭᠤᠣᠯᠴᠢ ᠡᠮᠬᠢ ᠵᠢᠷᠤᠮ ᠲᠠᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠬᠠᠮᠠᠭᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ᠃ | ᠬᠤᠶᠠᠷ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ | ᠪᠠᠶᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ | ᠣᠷᠳᠣᠨ ᠤ ᠦᠨᠡᠨᠴᠢ ᠢᠲᠡᠭᠡᠮᠵᠢ ᠲᠠᠢ ᠪᠠᠷ ᠠᠮᠠᠯᠳᠠᠭᠰᠠᠨ ᠢᠶᠠᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢ ᠦᠨᠡᠯᠡᠬᠦ ᠶᠢ ᠥᠷᠨᠢᠭᠦᠯᠦᠨ᠂ ᠵᠠᠰᠠᠭ ᠤᠨ ᠣᠷᠳᠣᠨ ᠤ ᠢᠲᠡᠭᠡᠮᠵᠢ ᠠᠯᠳᠠᠭᠰᠠᠨ | ᠦᠶ᠋ᠯᠡ ᠠᠵᠢᠯᠯᠠᠭ᠎ᠠ ᠶᠢ ᠬᠢᠨᠠᠨ ᠲᠣᠭᠲᠠᠭᠠᠬᠤ ᠪᠠᠷᠢᠮᠵᠢᠶ᠎ᠠ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ︵ᠬᠠᠷᠢᠶ᠎ᠠ ᠨᠢᠭᠡᠴᠢ ᠪᠠᠭᠲᠠᠨ᠎ᠠ︶ ᠨᠢ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ | ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ | ᠂ ᠠᠵᠤ ᠦᠢᠯᠡᠰ ᠢᠶᠠᠷ ᠲᠡᠳᠬᠦᠨ ᠳᠡᠮᠵᠢᠬᠦ᠂ ᠪᠡᠯᠡ ᠣᠷᠣᠭᠤᠯᠵᠤ ᠪᠡᠯᠡ ᠬᠤᠷᠠᠮᠳᠤᠭᠤᠯᠬᠤ᠂ ᠠᠵᠤ ᠠᠬᠤᠶᠢᠯᠠᠯ ᠳᠤ | ᠬᠤᠯᠪᠣᠭᠳᠠᠭᠰᠠᠨ ᠰᠦᠢᠳᠬᠡᠯ ᠬᠤᠷᠢᠶᠠᠬᠤ ᠵᠡᠷᠭᠡ ᠬᠦᠷᠢᠶ᠎ᠡ ᠴᠠᠷᠠᠭ᠎ᠠ ᠳᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ | ᠡᠭᠦᠰᠦᠭᠰᠡᠨ ᠪᠠᠶᠢᠪᠠᠯ᠂ ᠲᠣᠭᠲᠠᠭᠠᠯ ᠶᠣᠰᠣᠭᠠᠷ ᠲᠡᠭᠦᠨ ᠢ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠲᠡᠭᠦᠨ ᠤ ᠡᠯ᠎ᠡ | ᠲᠥᠷᠥᠯ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠪᠠ ᠲᠥᠷᠥᠯ ᠵᠦᠢᠯ ᠭᠤᠶᠤᠴᠢᠯᠠᠬᠤ᠂ ᠲᠤᠷᠰᠢᠯᠲᠠ ᠶᠢᠨ | ᠴᠡᠭ ᠤᠨ ᠵᠢᠱᠢᠶ᠎ᠡ ᠦᠵᠡᠭᠦᠯᠭᠦ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠳᠤ ᠣᠷᠤᠯᠴᠠᠬᠤ ᠶᠢ ᠬᠢᠵᠠᠭᠠᠷᠯᠠᠨ᠎ᠠ᠃ | ᠠᠵᠢᠯ ᠦᠢᠯᠡᠰ ᠤᠨ ᠨᠢᠭᠡᠴᠢ ᠶᠢᠨ ᠬᠡᠪ ᠤᠨ ᠪᠤᠰᠤ ᠪᠠᠶᠢᠳᠠᠯ ᠤᠨ ᠨᠡᠷᠡᠰ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ | ᠠᠵᠢᠯ ᠦᠢᠯᠡᠰ ᠤᠨ ᠨᠢᠭᠡᠴᠢ ᠶᠢᠨ ᠦᠨᠡᠨᠴᠢ ᠢᠲᠡᠭᠡᠮᠵᠢ ᠲᠠᠢ ᠪᠠᠷ ᠥᠪᠡᠷ ᠢ ᠪᠠᠨ ᠱᠠᠭᠠᠷᠳᠠᠬᠤ ᠲᠦᠪᠰᠢᠨ ᠢ | ᠳᠡᠭᠡᠭᠰᠢᠯᠡᠭᠦᠯᠦᠨ᠎ᠡ᠃ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠠ ᠬᠥᠮᠦᠵᠢᠯ ᠢ ᠴᠢᠩᠭᠠᠳᠬᠠᠨ᠎ᠠ | ᠃ | ︵ᠬᠤᠶᠠᠷ︶ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠭᠤᠣᠯ | ᠴᠣᠭᠴᠠ ᠶᠢᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠳᠦᠷᠢᠮ ᠢᠶᠠᠨ ᠲᠡᠭᠦᠯᠳᠡᠷᠵᠢᠭᠦᠯᠬᠦ᠂ ᠢᠲᠡᠭᠡᠮᠵᠢ ᠶᠢᠨ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠳᠠᠮᠵᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ | ᠢᠲᠡᠭᠡᠮᠵᠢ ᠲᠠᠢ ᠪᠠᠷ ᠡᠵᠡᠩᠨᠡᠬᠦ᠂ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠬᠥᠲᠥᠯᠥᠨ | ᠵᠢᠯᠣᠭᠤᠳᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠨ ᠦᠨᠡᠯᠡᠬᠦ ᠪᠠᠷ ᠰᠠᠭᠤᠷᠢ ᠪᠤᠯᠭᠠᠵᠤ᠂ ᠠᠵᠤ | ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠶᠡᠷᠦᠩᠬᠡᠶᠢᠯᠡᠨ ᠦᠨᠡᠯᠡᠬᠦ ᠰᠢᠰᠲ᠋ᠧᠮ ᠢ ᠪᠠᠶᠢᠭᠤᠯᠤᠨ᠎ᠠ᠃ ᠨᠢᠭᠤᠴᠠ ᠪᠠ | ᠠᠮᠠᠷᠬᠠᠨ ᠶᠠᠷᠢᠶ᠎ᠠ ᠬᠡᠯᠡᠯᠴᠡᠭᠡᠨ ᠤ ᠠᠰᠠᠭᠤᠳᠠᠯ ᠢ ᠡᠭᠦᠰᠬᠡᠵᠦ ᠮᠡᠳᠡᠬᠦ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ | ᠤᠷᠢᠲᠠᠯ ᠳᠣᠣᠷ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠨᠡᠶᠢᠲᠡᠯᠡᠬᠦ ᠶᠢ | ᠴᠢᠩᠭᠠᠳᠬᠠᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠳᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠵᠤ᠂ ᠢᠲᠡᠭᠡᠮᠵᠢ ᠶᠢᠨ ᠲᠡᠮᠳᠡᠭᠯᠡᠯ ᠢ | ᠲᠠᠰᠤᠷᠠᠯᠲᠠ ᠦᠭᠡᠢ ᠪᠦᠷᠢᠨᠰᠢᠭᠦᠯᠦᠨ᠎ᠡ᠃ | ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠠᠮᠲᠤ ᠪᠠᠷ ᠡᠳ᠋ᠯᠡᠬᠦ᠂ | ᠢᠯᠡ ᠪᠤᠯᠭᠠᠬᠤ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠨᠴᠢ ᠢᠲᠡᠭᠡᠮᠵᠢ ᠲᠠᠢ ᠪᠠᠷ | ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠤᠭᠤᠳᠴᠤ᠂ ᠳᠣᠲᠣᠭᠠᠳᠤ ᠶᠢᠨ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠤᠬᠠᠶᠢᠯᠠᠭᠰᠠᠨ ᠠᠵᠢᠯ ᠤᠨ | ᠭᠤᠣᠯᠯᠠᠨ ᠬᠠᠮᠢᠶᠠᠷᠬᠤ ᠨᠢᠭᠡᠴᠢ ᠨᠦᠭᠦᠳ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠦᠨᠡᠯᠡᠯᠲᠡ ᠬᠢᠬᠦ ᠵᠡᠷᠭᠡ ᠠᠵᠢᠯᠯᠠᠭ᠎ᠠ | ᠥᠷᠨᠢᠭᠦᠯᠬᠦ ᠶᠢ ᠵᠢᠯᠤᠭᠤᠳᠴᠤ᠂ ᠲᠡᠭᠦᠨ ᠤ ᠪᠦᠷᠢᠯᠳᠦᠭᠦᠨ ᠤ ᠦᠶ᠋ᠯᠡ ᠠᠵᠢᠯᠯᠠᠭ᠎ᠠ ᠶᠢ ᠬᠥᠲᠥᠯᠥᠨ ᠵᠢᠯᠤᠭᠤᠳᠬᠤ᠂ | ᠳᠦᠷᠢᠮ ᠢᠶᠠᠷ ᠬᠢᠵᠠᠭᠠᠷᠯᠠᠬᠤ᠂ ᠡᠷᠬᠡ ᠠᠰᠢᠭ ᠢ ᠬᠠᠮᠠᠭᠠᠯᠠᠬᠤ ᠵᠡᠷᠭᠡ ᠦᠢᠯᠡᠳᠦᠯ ᠢ ᠨᠢ ᠪᠠᠳᠠᠷᠠᠭᠤᠯᠤᠨ᠎ᠠ᠃ | ︵ᠳᠥᠷᠪᠡ︶ ᠪᠠᠶᠢᠭᠠᠯᠢ ᠬᠥᠮᠥᠨ ᠤ ᠢᠲᠡᠭᠡᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠪᠠᠶᠢᠭᠠᠯᠢ ᠬᠥᠮᠥᠨ ᠤ ᠢᠲᠡᠭᠡᠮᠵᠢ ᠶᠢᠨ ᠲᠡᠮᠳᠡᠭᠯᠡᠯ ᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠨ ᠪᠦᠷᠢᠨᠰᠢᠭᠦᠯᠦᠨ᠎ᠡ᠃ | ᠬᠠᠤᠯᠢ ᠴᠠᠭᠠᠵᠠ᠂ ᠮᠥᠩᠭᠦᠨ ᠭᠦᠢᠯᠭᠡᠭᠡᠨ᠂ ᠨᠢᠭᠲᠠᠯᠠᠨ ᠪᠤᠳᠤᠬᠤ᠂ ᠬᠢᠨᠠᠨ ᠪᠤᠳᠤᠬᠤ᠂ ᠡᠮ ᠡᠮᠨᠡᠯᠭᠡ᠂ ᠰᠤᠷᠭᠠᠨ ᠬᠥᠮᠦᠵᠢᠯ | ᠂ ᠭᠡᠷ ᠤᠨ ᠶᠠᠪᠤᠳᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ᠂ ᠲᠠᠪᠴᠠᠩ ᠤᠨ | ᠠᠵᠤ ᠠᠬᠤᠢ ᠵᠡᠷᠭᠡ ᠬᠦᠷᠢᠶᠡᠨ ᠳᠤ ᠠᠵᠢᠯᠯᠠᠵᠤ ᠪᠠᠶᠢᠭ᠎ᠠ ᠬᠥᠮᠥᠰ ᠪᠠ ᠤᠯᠤᠰ ᠤᠨ ᠠᠵᠢᠯ ᠮᠡᠷᠭᠡᠵᠢᠯ ᠤᠨ ᠬᠢᠷᠢ ᠭᠡᠮ | ᠣᠯᠣᠭᠰᠠᠨ ᠬᠥᠮᠥᠰ ᠵᠡᠷᠭᠡ ᠭᠤᠣᠯᠳᠠᠯᠭ᠎ᠠ ᠲᠠᠢ ᠠᠵᠢᠯ ᠮᠡᠷᠭᠡᠵᠢᠯ ᠤᠨ ᠬᠥᠮᠥᠰ ᠤᠨ ᠢᠲᠡᠭᠡᠮᠵᠢ ᠶᠢᠨ ᠬᠠᠮᠢᠶᠠᠷᠤᠯᠲᠠ ᠶᠢᠨ | ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠪᠠ ᠰᠠᠯᠠᠭ᠎ᠠ ᠮᠥᠴᠢᠷ ᠨᠢ | ᠪᠠᠶᠢᠭᠠᠯᠢ ᠬᠥᠮᠥᠨ ᠤ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠢᠲᠡᠭᠡᠮᠵᠢ ᠲᠠᠢ ᠭᠤᠣᠯ ᠴᠣᠭᠴᠠ ᠳᠤ | ᠤᠷᠮᠠᠰᠢᠭᠤᠯᠬᠤ ᠲᠥᠷᠥ ᠶᠢᠨ ᠪᠣᠳᠣᠯᠭ᠎ᠠ ᠬᠠᠩᠭᠠᠬᠤ ᠯᠠᠪᠯᠠᠯᠲᠠ ᠪᠤᠯᠭᠠᠵᠤ ᠪᠣᠯᠣᠨ᠎ᠠ᠂ ᠢᠲᠡᠭᠡᠮᠵᠢ ᠶᠢᠨ ᠪᠤᠰᠤ ᠮᠡᠳᠡᠭᠡ ᠵᠠᠩᠭᠢ | ᠪᠠ ᠬᠤᠪᠢ ᠬᠥᠮᠥᠨ ᠤ ᠨᠢᠭᠤᠴᠠ ᠮᠡᠳᠡᠭᠡ ᠵᠠᠩᠭᠢ ᠶᠢ ᠢᠲᠡᠭᠡᠮᠵᠢ ᠶᠢᠨ ᠦᠨᠡᠯᠡᠯᠲᠡ ᠳᠤ ᠣᠷᠣᠭᠤᠯᠬᠤ ᠶᠢ ᠴᠢᠩᠭ᠎ᠠ | ᠴᠠᠭᠠᠵᠠᠯᠠᠨ᠎ᠠ᠃ | ︵ᠲᠠᠪᠤ︶ ᠬᠠᠤᠯᠢ ᠪᠠᠷᠢᠬᠤ ᠬᠠᠤᠯᠢ ᠬᠡᠷᠡᠭᠵᠢᠭᠦᠯᠬᠦ ᠰᠢᠰᠲ᠋ᠧᠮ ᠤᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷᠢᠬᠤ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ᠬᠠᠤᠯᠢ | ᠪᠠᠷᠢᠬᠤ ᠶᠢ ᠢᠯᠡ ᠪᠤᠯᠭᠠᠬᠤ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ᠂ ᠠᠷᠠᠳ ᠤᠯᠠᠨ ᠤ ᠪᠠᠶᠢᠳᠠᠯ ᠢ ᠮᠡᠳᠡᠬᠦ | ᠡᠷᠬᠡ ᠶᠢ ᠪᠠᠲᠤᠯᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ | ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢᠨ ᠲᠡᠮᠳᠡᠭᠯᠡᠯ ᠪᠠ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ᠎ᠠ᠃ | ᠬᠤᠳᠠᠯ ᠬᠠᠭᠤᠷᠮᠠᠭ ᠢᠶᠠᠷ ᠵᠠᠷᠭᠤᠯᠳᠤᠵᠤ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠥᠪᠡᠷ ᠤᠨ ᠥᠷᠲᠡᠭ ᠢ | ᠳᠡᠭᠡᠭᠰᠢᠯᠡᠭᠦᠯᠦᠨ᠎ᠡ᠃ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠶᠢ ᠬᠢᠨᠠᠨ ᠲᠣᠭᠲᠠᠭᠠᠬᠤ ᠲᠡᠰ ᠳᠠᠷᠠᠭᠠᠯᠠᠯ ᠢ ᠴᠢᠩᠳᠠᠯᠠᠵᠤ | ᠂ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ | ᠭᠤᠷᠪᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠳ᠋ᠠᠶᠢᠲ᠋ᠠ ᠶᠢᠨ ᠰᠠᠭᠤᠷᠢ ᠶᠢ ᠪᠠᠬᠢᠵᠢᠭᠦᠯᠦᠨ᠎ᠡ | ︵ᠵᠢᠷᠭᠤᠭ᠎ᠠ︶ ᠪᠦᠭᠦ ᠲᠠᠯ᠎ᠠ ᠶᠢᠨ ᠪᠦᠷᠢᠨ ᠪᠦᠲᠦᠨ ᠣᠨᠣᠪᠴᠢᠲᠠᠶ ᠢᠲᠡᠭᠡᠮᠵᠢ ᠶᠢᠨ ᠲᠡᠮᠳᠡᠭᠯᠡᠯ ᠪᠠᠶᠢᠭᠤᠯᠤᠨ᠎ᠠ᠃ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠵᠠᠭᠠᠭᠯᠠᠨ ᠲᠣᠭᠲᠠᠭᠠᠵᠤ᠂ | ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ ᠲᠣᠰ | ᠬᠦᠷᠢᠶᠡᠨ ᠳᠠᠬᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠣᠭᠲᠠᠭᠠᠬᠤ ᠶᠢᠨ ᠬᠠᠮᠲᠤ ᠠᠵᠢᠯ ᠲᠥᠷᠥᠯ ᠤᠨ | ᠢᠲᠡᠭᠡᠮᠵᠢ ᠶᠢᠨ ᠲᠡᠮᠳᠡᠭᠯᠡᠯ ᠢ ᠪᠦᠷᠢᠯᠳᠦᠭᠦᠯᠦᠨ᠎ᠡ᠂ ᠡᠭᠦᠨ ᠳᠤ ᠢᠲᠡᠭᠡᠮᠵᠢ ᠠᠯᠳᠠᠭᠰᠠᠨ ᠮᠡᠳᠡᠭᠡ ᠵᠠᠩᠭᠢ ᠳᠤ ᠬᠠᠷᠢᠶᠠᠯᠠᠭᠳᠠᠪᠠᠯ | ᠂ ᠲᠡᠳᠡᠨ ᠤ ᠢᠲᠡᠭᠡᠮᠵᠢ ᠠᠯᠳᠠᠭᠰᠠᠨ ᠬᠦᠨᠳᠦ ᠨᠣᠴᠢᠲᠠᠢ ᠬᠡᠮᠵᠢᠶ᠎ᠡ ᠶᠢ ᠲᠥᠷᠥᠯ ᠬᠤᠪᠢᠶᠠᠨ ᠲᠣᠳᠣᠷᠬᠠᠶᠢᠯᠠᠬᠤ ᠬᠡᠷᠡᠭᠲᠡᠢ᠃ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠭᠠᠷᠴᠠᠭ ᠢᠶᠠᠷ ᠬᠠᠮᠢᠶᠠᠷᠬᠤ ᠶᠢ ᠨᠢᠭᠡᠳᠦᠯᠲᠡᠢ ᠬᠡᠷᠡᠭᠵᠢᠭᠦᠯᠵᠦ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠮᠢᠶ᠎ᠠ ᠪᠦᠬᠦᠢ ᠭᠤᠣᠯ ᠴᠣᠭᠴᠠ ᠶᠢᠨ ᠪᠦᠷᠢᠨ | ᠪᠦᠲᠦᠨ ᠢᠲᠡᠭᠡᠮᠵᠢ ᠶᠢᠨ ᠲᠡᠮᠳᠡᠭᠯᠡᠯ ᠢ ᠬᠤᠷᠢᠶᠠᠩᠭᠤᠶᠢᠯᠠᠨ ᠪᠠᠶᠢᠭᠤᠯᠤᠨ᠎ᠠ᠃ | ︵ᠳᠣᠯᠤᠭ᠎ᠠ︶ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠪᠦᠭᠦ | ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠵᠤ ᠬᠠᠮᠲᠤ ᠪᠠᠷ ᠡᠳ᠋ᠯᠡᠬᠦ ︽ᠶᠡᠷᠦᠩᠬᠡᠢ ᠬᠦᠢᠰᠦ︾ ᠶᠢᠨ ᠴᠢᠳᠠᠮᠵᠢ ᠶᠢ ᠴᠢᠩᠭᠠᠷᠠᠭᠤᠯᠵᠤ᠂ ᠬᠠᠮᠲᠤ ᠪᠠᠷ | ᠡᠳ᠋ᠯᠡᠬᠦ ᠪᠠᠷ ᠵᠠᠷᠴᠢᠮ ᠪᠤᠯᠭᠠᠵᠤ᠂ ᠬᠠᠮᠲᠤ ᠪᠠᠷ ᠡᠳ᠋ᠯᠡᠬᠦ ᠦᠭᠡᠢ ᠶᠢ ᠣᠨᠴᠠᠭᠠᠶ ᠪᠠᠶᠢᠳᠠᠯ ᠢᠶᠠᠷ ᠦᠵᠡᠬᠦ ᠶᠢ ᠪᠠᠷᠢᠮᠲᠠᠯᠠᠨ᠂ ᠡᠯ᠎ᠡ | ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠵᠤ᠂ ᠬᠡᠷᠡᠭᠴᠡᠭᠡ ᠶᠢ ᠦᠨᠳᠦᠰᠦᠯᠡᠨ | ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠵᠤ᠂ ᠴᠤᠭᠯᠠᠭᠤᠯᠬᠤ ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠯᠡᠬᠦ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ | ᠲᠠᠪᠴᠠᠩ ᠬᠢᠭᠡᠳ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠢ ᠬᠤᠯᠪᠤᠭᠠᠯᠠᠨ | ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠴᠥᠷᠬᠡᠯᠡᠭᠡ ᠬᠡᠯᠬᠢᠶ᠎ᠡ ᠵᠡᠷᠭᠡ ᠮᠡᠷᠭᠡᠵᠢᠯ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠵᠡᠷᠭᠡ ᠲᠠᠯ᠎ᠠ ᠳᠠᠬᠢ ᠬᠡᠷᠡᠭᠯᠡᠯᠲᠡ ᠶᠢ ᠰᠤᠳᠤᠯᠤᠨ ᠴᠢᠩᠭᠠᠳᠬᠠᠵᠤ᠂ | ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ | ᠪᠠᠲᠤᠯᠠᠭᠰᠠᠨ ᠤᠷᠢᠲᠠᠯ ᠳᠣᠣᠷ᠎ᠠ᠂ ᠬᠤᠳᠠᠯᠳᠤᠭᠠᠨ ᠤ ᠭᠡᠷ᠎ᠡ ᠶᠢᠨ ᠮᠡᠳᠡᠭᠡ ᠵᠠᠩᠭᠢ᠂ ᠠᠵᠤ ᠦᠢᠯᠡᠰ ᠤᠨ ᠬᠡᠯᠬᠢᠶ᠎ᠡ ᠶᠢᠨ | ᠮᠡᠳᠡᠭᠡ ᠵᠠᠩᠭᠢ᠂ ᠠᠷᠠᠯᠵᠢᠶᠠᠨ ᠤ ᠮᠡᠳᠡᠭᠡ ᠵᠠᠩᠭᠢ ᠵᠡᠷᠭᠡ ᠶᠢ ᠬᠠᠮᠲᠤ ᠪᠠᠷ ᠡᠳ᠋ᠯᠡᠬᠦ ᠲᠦᠪᠰᠢᠨ ᠢ ᠳᠡᠭᠡᠭᠰᠢᠯᠡᠭᠦᠯᠦᠨ᠎ᠡ᠃ | ︵ᠨᠠᠢᠮᠠ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠢᠯᠡ ᠨᠡᠶᠢᠲᠡᠯᠡᠬᠦ ᠳᠦᠷᠢᠮ ᠢ | ᠪᠠᠶᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠨᠢᠭᠡᠳᠦᠯᠲᠡᠢ ᠪᠠᠷᠢᠮᠵᠢᠶ᠎ᠠ | ᠳᠦᠷᠢᠮ ᠢ ᠪᠠᠶᠢᠭᠤᠯᠤᠨ᠎ᠠ᠃ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠨᠢ ᠡᠯ᠎ᠡ ᠲᠥᠷᠥᠯ ᠤᠨ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠢᠯᠡ ᠨᠡᠶᠢᠲᠡᠯᠡᠵᠦ᠂ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠲᠣᠰ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠦᠷᠢᠶ᠎ᠡ | ᠴᠠᠷᠠᠭ᠎ᠠ ᠠᠴᠠ ᠭᠠᠳᠠᠨᠠᠬᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠳᠠᠭᠢᠵᠤ ᠢᠯᠡ ᠨᠡᠶᠢᠲᠡᠯᠡᠬᠦ ᠦᠭᠡᠢ᠃ | ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ | ᠶᠣᠰᠣᠭᠠᠷ ᠨᠡᠶᠢᠭᠡᠮ ᠨᠡᠶᠢᠲᠡ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ | ᠦᠢᠯᠡᠴᠢᠯᠡᠭᠡ ᠬᠠᠩᠭᠠᠨ᠎ᠠ᠃ ᠨᠢᠭᠡᠨᠲᠡ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠳᠤ ᠢᠯᠡ | ᠨᠡᠶᠢᠲᠡᠯᠡᠭᠰᠡᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ᠂ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠨᠢ ᠬᠡᠷᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠨᠢ ᠢᠯᠡ ᠨᠡᠶᠢᠲᠡᠯᠡᠭᠰᠡᠨ ᠠᠭᠤᠯᠭ᠎ᠠ ᠲᠠᠢ ᠠᠳᠠᠯᠢ᠂ | ᠴᠠᠭ ᠤᠨ ᠬᠢᠵᠠᠭᠠᠷ ᠨᠢ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠶᠢᠰᠦ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠢᠯᠦᠭᠡᠲᠡᠢ ᠭᠦᠢᠯᠭᠡᠭᠡᠬᠦ ᠶᠢ ᠡᠮᠬᠢ | ᠵᠢᠷᠤᠮ ᠲᠠᠢ ᠪᠠᠷ ᠠᠬᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠷᠬᠡ ᠣᠯᠭᠤᠨ | ᠠᠵᠢᠯᠯᠠᠭᠤᠯᠵᠤ ᠬᠠᠮᠢᠶᠠᠷᠬᠤ ᠠᠷᠭ᠎ᠠ ᠶᠢ ᠲᠣᠭᠲᠠᠭᠠᠵᠤ᠂ ᠨᠥᠬᠦᠴᠡᠯ ᠳᠤ ᠨᠡᠶᠢᠴᠡᠭᠰᠡᠨ ᠠᠵᠢᠯᠯᠠᠭᠤᠯᠵᠤ ᠡᠵᠡᠩᠨᠡᠬᠦ | ᠪᠠᠶᠢᠭᠤᠯᠤᠮᠵᠢ ᠨᠢ ᠡᠷᠬᠡ ᠣᠯᠭᠤᠭᠰᠠᠨ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ᠂ ᠦᠢᠯᠡᠳᠬᠦᠨ ᠢ ᠡᠵᠡᠩᠨᠡᠬᠦ ᠪᠠ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ | ᠡᠷᠬᠡ ᠣᠯᠭᠤᠭᠰᠠᠨ ᠦᠭᠡᠢ᠂ ᠬᠡᠪᠴᠢᠶ᠎ᠡ ᠠᠴᠠ ᠪᠠᠨ ᠬᠡᠲᠦᠷᠡᠭᠦᠯᠦᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠭᠦᠢᠯᠭᠡᠭᠡᠬᠦ | ᠲᠤᠬᠠᠢ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠳᠦᠷᠢᠮ ᠢ ᠪᠠᠶᠢᠭᠤᠯᠤᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ | ᠬᠠᠤᠯᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠲᠦᠰᠢᠭᠯᠡᠨ ᠨᠡᠶᠢᠲᠡ ᠶᠢᠨ | ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠥᠷᠲᠡᠭ ᠤᠨ ᠠᠰᠢᠭ ᠣᠯᠵᠠᠪᠤᠷᠢ ᠶᠢ ᠵᠦᠢ ᠵᠣᠬᠢᠰᠲᠠᠢ ᠬᠤᠪᠢᠶᠠᠯᠴᠠᠬᠤ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ | ᠲᠣᠭᠲᠠᠭᠠᠯ ᠶᠣᠰᠣᠭᠠᠷ ᠬᠠᠮᠠᠭᠠᠯᠠᠬᠤ ᠬᠡᠷᠡᠭᠲᠡᠢ᠃ ᠣᠷᠣᠨ ᠪᠦᠰᠡ ᠶᠢᠨ ᠬᠤᠭᠤᠷᠣᠨᠳᠣᠭᠢ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠢᠲᠡᠭᠡᠮᠵᠢ ᠶᠢᠨ ᠦᠨᠡᠯᠡᠯᠲᠡ ᠶᠢ ᠬᠠᠷᠢᠯᠴᠠᠨ ᠮᠡᠳᠡᠷᠡᠬᠦ᠂ | ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ ᠬᠠᠮᠵᠢᠯᠴᠠᠭ᠎ᠠ ᠶᠢ ᠵᠣᠷᠢᠭᠵᠢᠭᠤᠯᠤᠨ᠎ᠠ᠃ | ︵ᠠᠷᠪᠠ︶ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ | ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠮᠦᠷᠳᠡᠨ ᠪᠠᠶᠢᠴᠠᠭᠠᠬᠤ ᠪᠠ ᠡᠷᠬᠡ ᠳᠤ | ᠬᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠳᠠᠮᠵᠢᠭᠤᠯᠬᠤ ᠬᠡᠯᠬᠢᠶ᠎ᠡ ᠶᠢᠨ | ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠠᠮᠤᠷ ᠲᠦᠪᠰᠢᠨ ᠢ ᠬᠠᠮᠠᠭᠠᠯᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠢᠢᠳᠪᠦᠷᠢᠯᠡᠬᠦ ᠲᠠᠰ ᠳᠠᠷᠠᠭᠠᠯᠠᠯ ᠢ | ᠵᠢᠷᠤᠮᠵᠢᠭᠤᠯᠤᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠳᠥᠷᠪᠡ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠ᠊ᠰᠠᠳ ᠢ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠦᠷᠢᠨᠰᠢᠭᠦᠯᠦᠨ᠎ᠡ | ︵ᠠᠷᠪᠠᠨ ᠨᠢᠭᠡ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠨ᠎ᠠ᠃ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠦᠭᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ | ᠪᠠᠶᠢᠭᠤᠯᠵᠤ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠣᠯᠠᠨ ᠨᠡᠶᠢᠲᠡ ᠶᠢᠨ ᠦᠢᠯᠡᠴᠢᠯᠡᠭᠡ ᠳᠤ ᠲᠥᠭᠦᠮ | ᠦᠵᠡᠭᠦᠯᠭᠦ ᠪᠤᠶᠤ ᠬᠠᠷᠠᠭᠠᠯᠵᠠᠯ ᠦᠵᠡᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠲᠣᠮᠣ ᠳ᠋ᠠᠶᠢᠲ᠋ᠠ ᠶᠢᠨ ᠡᠬᠢ | ᠪᠠᠶᠠᠯᠢᠭ ᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠳᠤ ᠤᠨᠢᠨ ᠳᠡᠭᠡᠷ᠎ᠡ ᠨᠢ | ᠵᠠᠬ᠎ᠠ ᠳᠡᠯᠭᠡᠭᠦᠷᠴᠢᠯᠡᠭᠰᠡᠨ᠂ ᠨᠡᠶᠢᠭᠡᠮᠴᠢᠯᠡᠭᠰᠡᠨ ᠵᠣᠷᠢᠭᠵᠢᠭᠤᠯᠤᠨ ᠤᠷᠮᠠᠰᠢᠭᠤᠯᠬᠤ ᠶᠢ ᠬᠡᠷᠡᠭᠵᠢᠭᠦᠯᠦᠨ᠎ᠡ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠢ ᠭᠦᠨᠵᠡᠭᠡᠢ ᠠᠭᠤᠳᠠᠯᠬᠤ ᠶᠢ ᠳᠡᠮᠵᠢᠵᠦ᠂ | ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠪᠡᠯᠡ ᠬᠤᠷᠠᠮᠳᠤᠭᠤᠯᠬᠤ ᠳᠤ ᠲᠥᠭᠦᠮ ᠦᠵᠡᠭᠦᠯᠭᠦ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠢᠲᠡᠭᠡᠮᠵᠢ ᠠᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ | ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠲᠣᠭᠲᠠᠭᠠᠵᠤ᠂ ᠵᠠᠯᠬᠠᠭᠠᠨ | ᠴᠡᠭᠡᠷᠯᠡᠭᠦᠯᠬᠦ ᠬᠡᠪᠴᠢᠶ᠎ᠡ ᠪᠠ ᠡᠷᠴᠢᠮ ᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠲᠣᠭᠲᠠᠭᠠᠨ᠎ᠠ᠃ ᠢᠲᠡᠭᠡᠮᠵᠢ | ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ | ᠭᠤᠣᠯ ᠴᠣᠭᠴᠠ ᠶᠢᠨ ᠨᠡᠷᠡᠰ ᠢ ᠲᠣᠭᠲᠠᠭᠠᠬᠤ ᠬᠦᠷᠢᠶ᠎ᠡ ᠴᠠᠷᠠᠭ᠎ᠠ ᠨᠢ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠤᠯᠭᠠᠵᠤ᠂ | ᠡᠭᠦᠨ ᠳᠤ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ | ᠨᠡᠮᠡᠭᠳᠡᠭᠦᠯᠬᠦ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠢ᠂ ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢᠶᠠᠷ ᠦᠨᠳᠦᠰᠦᠯᠡᠯ ᠪᠤᠯᠭᠠᠬᠤ ᠬᠡᠷᠡᠭᠲᠡᠢ᠃ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠭᠡᠯᠪᠡᠷᠢ ᠪᠠᠷ | ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠪᠠ ᠨᠡᠷᠡᠰ ᠠᠴᠠ ᠭᠠᠷᠭᠠᠬᠤ ᠨᠥᠬᠦᠴᠡᠯ᠂ ᠲᠠᠰ | ᠳᠠᠷᠠᠭᠠᠯᠠᠯ ᠢ ᠲᠣᠳᠣᠷᠬᠠᠶᠢᠯᠠᠨ᠎ᠠ᠃ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠲᠤ | ᠣᠷᠣᠭᠰᠠᠨ ᠪᠠᠶᠢᠪᠠᠯ᠂ ᠵᠠᠰᠠᠭ ᠤᠨ ᠣᠷᠳᠣᠨ ᠤ ᠪᠡᠯᠡ ᠮᠥᠩᠭᠦ ᠭᠤᠶᠤᠴᠢᠯᠠᠬᠤ᠂ ᠭᠠᠶᠢᠯᠢ ᠶᠢᠨ ᠬᠠᠷᠠᠭᠠᠯᠵᠠᠯ ᠭᠦᠷᠳᠡᠭᠦ᠂ | ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠤᠯᠴᠠᠬᠤ᠂ ᠰᠲ᠋ᠣᠺ ᠤᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠠᠯᠪᠠᠲᠠᠨ ᠢ ᠰᠢᠯᠢᠨ | ᠰᠣᠩᠭᠤᠵᠤ ᠲᠣᠮᠢᠯᠠᠬᠤ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠵᠡᠷᠭᠡ ᠲᠠᠯ᠎ᠠ ᠪᠠᠷ ᠬᠠᠤᠯᠢ | ᠲᠣᠭᠲᠠᠭᠠᠯ ᠶᠣᠰᠣᠭᠠᠷ ᠬᠢᠵᠠᠭᠠᠷᠯᠠᠬᠤ ᠪᠤᠶᠤ ᠴᠠᠭᠠᠵᠠᠯᠠᠨ᠎ᠠ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ᠂ ᠢᠨᠲ᠋ᠧᠷ | ᠰᠦᠯᠵᠢᠶ᠎ᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠡᠨᠧᠷᠭᠢ ᠶᠢᠨ ᠳᠤᠮᠳᠠ ᠣᠷᠳᠣ | ᠬᠤᠭᠤᠴᠠᠭᠠᠨ ᠤ ᠭᠡᠷ᠎ᠡ ᠶᠢᠨ ᠬᠦᠷᠢᠶ᠎ᠡ ᠴᠠᠷᠠᠭ᠎ᠠ ᠳᠤ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ | ᠨᠡᠷᠡᠰ ᠢ ᠨᠡᠮᠡᠵᠦ ᠲᠣᠬᠢᠷᠠᠭᠤᠯᠤᠨ᠎ᠠ᠃ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠪᠣᠯᠣᠨ ᠬᠦᠨᠳᠦ | ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠨᠠᠷᠢᠨ ᠳᠠᠩᠰᠠᠴᠢᠯᠠᠨ ᠨᠢᠭᠡᠳᠦᠯᠲᠡᠢ ᠬᠠᠮᠢᠶᠠᠷᠬᠤ ᠶᠢ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠢᠲᠡᠭᠡᠮᠵᠢ ᠶᠢᠨ ᠰᠡᠯᠭᠦᠨ ᠰᠡᠷᠭᠦᠭᠡᠬᠦ ᠨᠢᠭᠡᠳᠦᠯᠲᠡᠢ ᠳᠦᠷᠢᠮ ᠢ ᠲᠡᠭᠦᠯᠳᠡᠷᠵᠢᠭᠦᠯᠦᠨ᠎ᠡ᠃ | ᠨᠢᠭᠡᠳᠦᠯᠲᠡᠢ ᠵᠢᠷᠤᠮᠵᠢᠬᠰᠠᠨ᠂ ᠬᠠᠮᠵᠢᠯᠴᠠᠨ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨᠴᠢ ᠥᠨᠳᠥᠷ ᠦᠷ᠎ᠡ ᠪᠦᠲᠦᠮᠵᠢᠲᠡᠶ | ᠢᠲᠡᠭᠡᠮᠵᠢ ᠶᠢᠨ ᠰᠡᠯᠭᠦᠨ ᠰᠡᠷᠭᠦᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠲᠡᠭᠡᠮᠵᠢ ᠠᠯᠳᠠᠭᠰᠠᠨ ᠭᠤᠣᠯ | ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠪᠠᠨ ᠵᠠᠯᠠᠷᠠᠭᠤᠯᠬᠤ ᠶᠢ | ᠵᠣᠷᠢᠭᠵᠢᠭᠤᠯᠤᠨ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠢᠲᠡᠭᠡᠮᠵᠢ ᠶᠢᠨ | ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠰᠡᠯᠭᠦᠨ ᠰᠡᠷᠭᠦᠭᠡᠬᠦ ᠠᠷᠭ᠎ᠠ ᠵᠠᠮ ᠢ ᠨᠢᠭᠡᠳᠦᠯᠲᠡᠢ ᠪᠤᠯᠭᠠᠵᠤ᠂ ᠢᠲᠡᠭᠡᠮᠵᠢ ᠶᠢ | ᠰᠡᠯᠭᠦᠨ ᠰᠡᠷᠭᠦᠭᠡᠬᠦ ᠳᠦᠷᠢᠮ ᠢ ᠰᠢᠯᠢᠳᠡᠭᠵᠢᠭᠦᠯᠦᠨ᠂ ᠬᠠᠤᠯᠢ ᠴᠠᠭᠠᠵᠠ ᠶᠢᠨ ᠪᠠᠶᠢᠭᠤᠯᠭ᠎ᠠ᠂ ᠠᠵᠢᠯ ᠲᠥᠷᠥᠯ ᠤᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠰᠡᠯᠭᠦᠨ ᠰᠡᠷᠭᠦᠭᠡᠬᠦ ᠳᠤ | ᠬᠠᠮᠵᠢᠯᠴᠠᠬᠤ ᠶᠢ ᠴᠢᠩᠭᠠᠳᠬᠠᠨ᠎ᠠ᠃ ᠰᠡᠯᠭᠦᠨ ᠰᠡᠷᠭᠦᠭᠡᠬᠦ ᠶᠢ ᠪᠡᠶᠡᠯᠡᠭᠦᠯᠦᠭᠰᠡᠨ ᠢᠲᠡᠭᠡᠮᠵᠢ ᠶᠢᠨ ᠭᠤᠣᠯ ᠴᠣᠭᠴᠠ ᠳᠤ᠂ | ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠨ ᠨᠡᠶᠢᠲᠡᠯᠡᠬᠦ ᠶᠢ ᠴᠠᠭ ᠲᠤᠬᠠᠢ ᠳᠤᠨᠢ ᠵᠣᠭᠰᠣᠭᠠᠵᠤ᠂ ᠲᠡᠭᠦᠨ ᠢ ᠬᠠᠮᠢᠶ᠎ᠠ ᠪᠦᠬᠦᠢ | ᠢᠲᠡᠭᠡᠮᠵᠢ ᠠᠯᠳᠠᠭᠰᠠᠨ ᠨᠡᠷᠡᠰ ᠠᠴᠠ ᠭᠠᠷᠭᠠᠬᠤ ᠶᠢᠨ ᠬᠠᠮᠲᠤ᠂ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠬᠦᠴᠦᠨ ᠦᠭᠡᠢ ᠪᠣᠯᠭᠠᠨ᠎ᠠ᠃ | ᠲᠠᠪᠤ᠂ ᠢᠲᠡᠭᠡᠮᠵᠢ ᠪᠠᠷ ᠰᠠᠭᠤᠷᠢ ᠪᠤᠯᠭᠠᠬᠰᠠᠨ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ | ︵ᠠᠷᠪᠠᠨ ᠳᠥᠷᠪᠡ︶ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠨ ᠱᠠᠲᠤ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠬᠡᠷᠡᠭᠵᠢᠭᠦᠯᠦᠨ᠎ᠡ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ | ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠠᠵᠢᠯ ᠲᠥᠷᠥᠯ ᠤᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ | ᠦᠨᠡᠯᠡᠯᠲᠡ ᠪᠠᠷ ᠰᠠᠭᠤᠷᠢ ᠪᠣᠯᠭᠠᠨ ᠲᠣᠰ ᠭᠠᠵᠠᠷ ᠣᠷᠣᠨ ᠲᠣᠰ ᠠᠵᠢᠯ ᠲᠥᠷᠥᠯ ᠤᠨ ᠢᠲᠡᠭᠡᠮᠵᠢ ᠶᠢᠨ ᠦᠨᠡᠯᠡᠯᠲᠡ ᠶᠢᠨ | ᠲᠣᠭᠲᠠᠴᠠ ᠶᠢ ᠪᠦᠷᠢᠨᠰᠢᠭᠦᠯᠵᠦ᠂ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠠᠷᠭ᠎ᠠ | ᠭᠡᠯᠪᠡᠷᠢ ᠶᠢ ᠰᠢᠯᠢᠳᠡᠭᠵᠢᠭᠦᠯᠵᠦ᠂ ᠠᠳᠠᠯᠢ ᠪᠤᠰᠤ ᠲᠥᠷᠥᠯ ᠭᠡᠯᠪᠡᠷᠢ ᠶᠢᠨ ᠢᠲᠡᠭᠡᠮᠵᠢ ᠶᠢᠨ ᠭᠤᠣᠯ ᠴᠣᠭᠴᠠ ᠳᠤ | ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ︵ᠠᠷᠪᠠᠨ ᠲᠠᠪᠤ︶ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ᠂ ᠭᠡᠷᠡᠴᠢᠯᠡᠬᠦ ᠵᠦᠢᠯᠡᠰ᠂ ᠢᠲᠡᠭᠡᠮᠵᠢ ᠶᠢ ᠰᠡᠯᠭᠦᠨ ᠰᠡᠷᠭᠦᠭᠡᠬᠦ ᠵᠡᠷᠭᠡ ᠬᠦᠷᠢᠶᠡᠨ ᠳᠤ ᠢᠲᠡᠭᠡᠮᠵᠢ ᠶᠢᠨ | ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠯᠡᠬᠦ ᠳᠤ ᠲᠣᠬᠢᠷᠠᠬᠤ | ᠵᠦᠢᠯᠡᠰ ᠢ ᠭᠦᠢᠴᠡᠳᠬᠡᠬᠦ ᠳᠤ᠂ ᠭᠤᠶᠤᠴᠢᠯᠠᠭᠴᠢ ᠶᠢᠨ ᠬᠡᠰᠡᠭ ᠮᠡᠳᠡᠭᠦᠯᠬᠦ ᠮᠠᠲ᠋ᠧᠷᠢᠶᠠᠯ ᠨᠢ ᠪᠦᠷᠢᠨ ᠭᠦᠢᠴᠡᠳ ᠦᠭᠡᠢ | ᠪᠤᠯᠪᠠᠴᠤ ᠢᠲᠡᠭᠡᠮᠵᠢ ᠶᠢᠨ ᠪᠠᠶᠢᠳᠠᠯ ᠨᠢ ᠨᠡᠯᠢᠶᠡᠳ ᠰᠠᠶᠢᠨ ᠮᠥᠷᠲᠡᠭᠡᠨ ᠪᠢᠴᠢᠭ ᠤᠨ ᠭᠡᠯᠪᠡᠷᠢ ᠪᠠᠷ ᠠᠮᠠᠯᠳᠠᠵᠤ ᠲᠣᠭᠲᠠᠭᠠᠭᠰᠠᠨ | ᠬᠤᠭᠤᠴᠠᠭᠠᠨ ᠳᠣᠲᠣᠷ᠎ᠠ ᠮᠠᠲ᠋ᠧᠷᠢᠶᠠᠯ ᠢᠶᠠᠨ ᠬᠠᠩᠭᠠᠨ᠎ᠠ ᠭᠡᠰᠡᠨ ᠪᠣᠯ ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ | ᠬᠡᠷᠡᠭᠲᠡᠢ᠃ ᠢᠲᠡᠭᠡᠮᠵᠢ ᠶᠢᠨ ᠠᠮᠠᠯᠠᠯᠲᠠ ᠶᠢ ᠦᠢᠯᠡᠳᠦᠯᠭᠡᠵᠢᠭᠦᠯᠬᠦ ᠮᠥᠷᠳᠡᠬᠦ ᠲᠣᠭᠲᠠᠴᠠ ᠶᠢ ᠪᠠᠶᠢᠭᠤᠯᠤᠨ᠎ᠠ᠃ | ᠢᠲᠡᠭᠡᠮᠵᠢ ᠶᠢᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠲᠡᠭᠡᠮᠵᠢ ᠶᠢᠨ ᠠᠮᠠᠯᠠᠯᠲᠠ ᠬᠢᠬᠦ ᠶᠢ | ᠬᠥᠲᠥᠯᠥᠨ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠢᠲᠡᠭᠡᠮᠵᠢ ᠶᠢᠨ ᠮᠡᠳᠡᠭᠦᠯᠦᠯᠲᠡ ᠶᠢ ᠭᠦᠨᠵᠡᠭᠡᠢ ᠬᠡᠷᠡᠭᠯᠡᠬᠦ ᠶᠢ ᠠᠬᠢᠭᠤᠯᠤᠨ᠎ᠠ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠣᠷᠳᠣᠨ ᠤ | ᠬᠤᠳᠠᠯᠳᠤᠨ ᠠᠪᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠬᠢᠷᠢ ᠭᠡᠮ ᠢ ᠬᠢᠨᠠᠨ | ᠬᠠᠷᠭᠤᠭᠤᠯᠬᠤ ᠵᠡᠷᠭᠡ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠦᠷᠢᠶᠡᠨ ᠳᠤ ᠢᠲᠡᠭᠡᠮᠵᠢ ᠶᠢᠨ ᠮᠡᠳᠡᠭᠦᠯᠦᠯᠲᠡ ᠶᠢ | ᠭᠦᠢᠴᠡᠳ ᠬᠡᠷᠡᠭᠯᠡᠬᠦ ᠶᠢ ᠠᠬᠢᠭᠤᠯᠤᠨ᠎ᠠ᠃ ᠲᠤᠰᠬᠠᠢ ᠵᠦᠢᠯ ᠤᠨ ᠢᠲᠡᠭᠡᠮᠵᠢ ᠶᠢᠨ ᠮᠡᠳᠡᠭᠦᠯᠦᠯᠲᠡ ᠪᠠᠷ ᠬᠠᠤᠯᠢ | ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠡᠰᠡᠬᠦ ᠶᠢᠨ ᠭᠡᠷᠡᠴᠢ ᠶᠢ ᠣᠷᠣᠯᠠᠭᠤᠯᠵᠤ ᠪᠤᠯᠬᠤ ᠶᠢ ᠶᠡᠭᠡ ᠪᠠᠷ | ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠡᠯᠡ ᠬᠤᠷᠠᠮᠳᠤᠭᠤᠯᠬᠤ ᠢᠲᠡᠭᠡᠮᠵᠢ ᠣᠯᠭᠤᠬᠤ᠂ | ᠬᠤᠳᠠᠯᠳᠤᠭᠠᠨ ᠤ ᠶᠠᠪᠤᠯᠴᠠᠭ᠎ᠠ ᠵᠡᠷᠭᠡ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠳᠤᠮᠳᠠ ᠢᠲᠡᠭᠡᠮᠵᠢ ᠶᠢᠨ | ᠮᠡᠳᠡᠭᠦᠯᠦᠯᠲᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ | ︵ᠠᠷᠪᠠᠨ ᠳᠣᠯᠤᠭ᠎ᠠ︶ ᠵᠠᠰᠠᠭ ᠤᠨ ᠣᠷᠳᠣᠨ ᠤ ᠭᠡᠷ᠎ᠡ ᠲᠣᠭᠲᠠᠬᠤ᠂ ᠭᠡᠷ᠎ᠡ ᠲᠣᠭᠲᠠᠬᠤ ᠶᠢ ᠵᠢᠯᠤᠭᠤᠳᠬᠤ ᠵᠡᠷᠭᠡ | ᠭᠡᠷ᠎ᠡ ᠪᠠᠨ ᠭᠦᠢᠴᠡᠳᠬᠡᠬᠦ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠡᠷ᠎ᠡ ᠪᠠᠨ ᠭᠦᠢᠴᠡᠳᠬᠡᠬᠦ ᠶᠢ | ᠮᠥᠷᠳᠡᠨ ᠬᠠᠷᠭᠤᠭᠤᠯᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠣᠭᠲᠠᠭᠰᠠᠨ ᠭᠡᠷ᠎ᠡ᠂ ᠵᠠᠰᠠᠭ ᠤᠨ ᠣᠷᠳᠣᠨ ᠤ | ᠵᠢᠯᠣᠭᠤᠳᠤᠨ ᠲᠣᠭᠲᠠᠭᠰᠠᠨ ᠭᠡᠷ᠎ᠡ ᠵᠡᠷᠭᠡ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠦᠭᠦ ᠤᠯᠤᠰ ᠤᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠴᠠᠭ ᠲᠤᠬᠠᠢ ᠳᠤᠨᠢ ᠴᠤᠭᠯᠠᠭᠤᠯᠤᠨ ᠣᠷᠣᠭᠤᠯᠵᠤ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠢᠨᠠᠨ ᠬᠠᠷᠭᠤᠭᠤᠯᠤᠭᠰᠠᠨ ᠭᠡᠷ᠎ᠡ ᠪᠠᠨ ᠭᠦᠢᠴᠡᠳᠬᠡᠭᠰᠡᠨ | ᠪᠠᠶᠢᠳᠠᠯ ᠢ ᠬᠠᠮᠢᠶ᠎ᠠ ᠪᠦᠬᠦᠢ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠭᠡᠷ᠎ᠡ ᠪᠠᠨ ᠭᠦᠢᠴᠡᠳᠬᠡᠬᠦ | ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠢᠲᠡᠭᠡᠮᠵᠢ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠴᠤᠭᠯᠠᠭᠤᠯᠬᠤ | ᠬᠠᠷᠢᠭᠤᠴᠠᠯᠭ᠎ᠠ ᠶᠢ ᠲᠣᠳᠣᠷᠬᠠᠶᠢᠯᠠᠨ᠂ ᠴᠤᠭᠯᠠᠭᠤᠯᠬᠤ ᠭᠦᠢᠴᠡᠳᠬᠡᠯ ᠲᠤᠭ᠎ᠠ ᠪᠠ ᠦᠨᠡᠯᠡᠬᠦ ᠳᠦᠷᠢᠮ ᠢ ᠰᠢᠯᠢᠳᠡᠭᠵᠢᠭᠦᠯᠦᠨ | ᠴᠣᠮᠬᠠᠳᠬᠠᠵᠤ᠂ ᠲᠠᠷᠢᠶᠠᠴᠢᠨ ᠡᠷᠦᠭᠡ ᠪᠠ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ | ᠢᠲᠡᠭᠡᠮᠵᠢ ᠶᠢᠨ ᠦᠨᠡᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠢᠲᠡᠭᠡᠮᠵᠢ ᠪᠠᠷ ᠨᠡᠶᠢᠭᠡᠮ ᠲᠣᠭᠤᠷᠢᠭ ᠤᠨ | ᠵᠠᠰᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠦ᠂ ᠢᠲᠡᠭᠡᠮᠵᠢᠲᠦ ᠬᠦᠷᠢᠶᠡᠯᠡᠩ ᠲᠣᠭᠤᠷᠢᠭ᠂ ᠵᠡᠭᠡᠯᠢ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ | ︵ᠠᠷᠪᠠ ᠶᠢᠰᠦ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠬᠠᠤᠯᠢ ᠲᠣᠭᠲᠠᠭᠠᠯ ᠳᠦᠷᠢᠮ ᠢ ᠲᠡᠭᠦᠯᠳᠡᠷᠵᠢᠭᠦᠯᠦᠨ᠎ᠡ | ᠃ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠲᠡᠮᠳᠡᠭ ᠤᠨ ᠳᠦᠷᠢᠮ ᠢ ᠲᠡᠭᠦᠯᠳᠡᠷᠵᠢᠭᠦᠯᠵᠦ᠂ ᠡᠯ᠎ᠡ | ᠲᠦᠷᠦᠯ ᠤᠨ ᠭᠤᠣᠯ ᠴᠣᠭᠴᠠ ᠳᠤ ᠺᠣᠳ᠋ ᠣᠯᠭᠤᠬᠤ ᠰᠠᠯᠠᠭ᠎ᠠ ᠮᠥᠴᠢᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠺᠣᠳ᠋ | ᠣᠯᠭᠤᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠬᠢᠨᠠᠨ ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠪᠦᠭᠦ ᠤᠯᠤᠰ ᠤᠨ ᠨᠢᠭᠡᠳᠦᠯᠲᠡᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ | ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢᠨ ᠬᠠᠤᠯᠢ ᠶᠢ ᠨᠡᠶᠢᠲᠡᠯᠡᠬᠦ ᠶᠢ ᠠᠬᠢᠭᠤᠯᠵᠤ᠂ ᠢᠲᠡᠭᠡᠮᠵᠢ ᠶᠢᠨ ᠳᠦᠷᠢᠮ ᠢ | ᠬᠤᠯᠪᠣᠭᠳᠠᠯ ᠪᠦᠬᠦᠢ ᠲᠤᠰᠬᠠᠢ ᠬᠠᠤᠯᠢ ᠲᠣᠭᠲᠠᠭᠠᠯ ᠳᠤ ᠣᠷᠣᠭᠤᠯᠬᠤ ᠶᠢ ᠠᠬᠢᠭᠤᠯᠤᠨ᠎ᠠ᠃ ᠢᠲᠡᠭᠡᠮᠵᠢ ᠶᠢᠨ ᠲᠦᠷᠦ ᠶᠢᠨ | ᠪᠣᠳᠣᠯᠭ᠎ᠠ ᠶᠢ ᠨᠡᠶᠢᠲᠡᠯᠡᠬᠦ ᠠᠴᠠ ᠡᠮᠦᠨᠡᠬᠢ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠵᠤ᠂ ᠢᠲᠡᠭᠡᠮᠵᠢ ᠶᠢᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠭᠠᠵᠠᠷ ᠪᠣᠯᠭᠠᠨ ᠳᠤ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠨ᠎ᠡ᠃ | ᠵᠢᠷᠭᠤᠭ᠎ᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ | ᠲᠦᠪᠰᠢᠨ ᠢ ᠳᠡᠭᠡᠭᠰᠢᠯᠡᠭᠦᠯᠦᠨ᠎ᠡ | ︵ᠬᠤᠷᠢ︶ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠭᠡ ᠪᠠᠷ ᠪᠤᠶᠢᠵᠢᠭᠤᠯᠤᠨ᠎ᠠ᠃ ᠢᠲᠡᠭᠡᠮᠵᠢ ᠶᠢᠨ | ᠦᠨᠡᠯᠡᠯᠲᠡ᠂ ᠢᠲᠡᠭᠡᠮᠵᠢ ᠶᠢᠨ ᠳᠡᠰ ᠢ ᠲᠣᠭᠲᠠᠭᠠᠬᠤ᠂ ᠢᠲᠡᠭᠡᠮᠵᠢ ᠶᠢᠨ ᠬᠤᠪᠢ ᠲᠣᠭᠲᠠᠭᠠᠬᠤ᠂ ᠢᠲᠡᠭᠡᠮᠵᠢ ᠶᠢᠨ | ᠮᠡᠳᠡᠭᠦᠯᠦᠯᠲᠡ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ᠂ ᠢᠲᠡᠭᠡᠮᠵᠢ ᠶᠢᠨ ᠬᠠᠮᠢᠶᠠᠷᠤᠯᠲᠠ᠂ ᠢᠲᠡᠭᠡᠮᠵᠢ ᠶᠢᠨ | ᠯᠠᠪᠯᠠᠭ᠎ᠠ ᠵᠢᠴᠢ ᠣᠷᠴᠢᠨ ᠲᠣᠭᠤᠷᠢᠨ᠂ ᠨᠡᠶᠢᠭᠡᠮ ᠪᠠ ᠵᠠᠰᠠᠯᠲᠠ ᠶᠢᠨ ᠦᠨᠡᠯᠡᠯᠲᠡ ᠵᠡᠷᠭᠡ ᠲᠤᠬᠠᠶᠢᠯᠠᠭᠰᠠᠨ ᠠᠵᠢᠯ ᠤᠨ | ᠵᠠᠭᠪᠤᠷ ᠤᠨ ᠰᠢᠨ᠎ᠡ ᠶᠢ ᠡᠭᠦᠳᠴᠦ᠂ ᠢᠲᠡᠭᠡᠮᠵᠢ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠨ᠎ᠠ᠃ | ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ | ᠣᠷᠤᠯᠴᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ | ᠰᠠᠭᠤᠷᠢ ᠳ᠋ᠠᠶᠢᠲ᠋ᠠ ᠬᠥᠮᠥᠷᠭᠡ ᠶᠢᠨ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠤᠯᠢ ᠶᠣᠰᠣᠭᠠᠷ ᠴᠤᠭᠯᠠᠭᠤᠯᠬᠤ ᠶᠢ ᠳᠡᠮᠵᠢᠵᠦ᠂ ᠨᠠᠩ ᠳᠥᠭᠦᠮ ᠲᠦᠷᠭᠡᠨ ᠴᠢᠨᠠᠷ ᠰᠠᠶᠢᠲᠠᠢ ᠢᠲᠡᠭᠡᠮᠵᠢ ᠶᠢᠨ ᠮᠡᠳᠡᠭᠡ | ᠵᠠᠩᠭᠢ ᠶᠢᠨ ᠰᠠᠭᠤᠷᠢ ᠦᠢᠯᠡᠴᠢᠯᠡᠭᠡ ᠬᠠᠩᠭᠠᠨ᠎ᠠ᠃ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ | ᠵᠠᠬ᠎ᠠ ᠳᠡᠯᠭᠡᠭᠦᠷ ᠤᠨ ᠪᠠᠶᠢᠷᠢᠰᠢᠯ ᠢ ᠰᠢᠯᠢᠳᠡᠭᠵᠢᠭᠦᠯᠵᠦ᠂ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠠᠬ᠎ᠠ ᠳᠡᠯᠭᠡᠭᠦᠷ ᠢ ᠰᠢᠯᠢᠳᠡᠭᠵᠢᠭᠦᠯᠦᠨ ᠨᠠᠷᠢᠯᠢᠭᠵᠢᠭᠤᠯᠵᠤ᠂ ᠬᠦᠷᠢᠶ᠎ᠡ | ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠨᠠᠷᠢᠯᠢᠭ ᠬᠤᠪᠢᠶᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢ ᠰᠦᠪᠡᠭᠴᠢᠯᠡᠨ ᠬᠥᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠠᠵᠢᠯ ᠲᠥᠷᠥᠯ ᠤᠨ ᠵᠢᠷᠤᠮᠵᠢᠩᠭᠤᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠬᠤᠷᠢᠨ ᠨᠢᠭᠡ︶ ᠢᠲᠡᠭᠡᠮᠵᠢᠲᠦ ᠪᠡᠯᠡ ᠬᠤᠷᠠᠮᠳᠤᠭᠤᠯᠬᠤ ᠪᠠ ᠢᠲᠡᠭᠡᠮᠵᠢ ᠶᠢᠨ ᠠᠷᠠᠯᠵᠢᠶ᠎ᠠ ᠶᠢ ᠭᠦᠨᠵᠡᠭᠡᠢ | ᠠᠬᠢᠭᠤᠯᠤᠨ᠎ᠠ᠃ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠪᠡᠯᠡ ᠬᠤᠷᠠᠮᠳᠤᠭᠤᠯᠬᠤ ᠢᠲᠡᠭᠡᠮᠵᠢ ᠶᠢᠨ | ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠳᠤ ᠲᠦᠰᠢᠭᠯᠡᠨ᠂ ᠪᠣᠳᠠᠲᠤ ᠬᠡᠷᠡᠭᠯᠡᠭᠡᠨ ᠤ ᠬᠡᠷᠡᠭᠴᠡᠭᠡ ᠶᠣᠰᠣᠭᠠᠷ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠬᠡᠪᠴᠢᠶ᠎ᠡ ᠶᠢ ᠥᠷᠭᠡᠳᠬᠡᠵᠦ᠂ | ᠢᠲᠡᠭᠡᠮᠵᠢ ᠶᠢᠨ ᠮᠡᠳᠡᠭᠡ ᠵᠠᠩᠭᠢ ᠪᠠᠷ ᠰᠠᠭᠤᠷᠢ ᠪᠤᠯᠭᠠᠬᠰᠠᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠢᠲᠡᠭᠡᠮᠵᠢ ᠶᠢ | ᠨᠡᠮᠡᠭᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ | ᠬᠤᠪᠢ ᠶᠢᠨ ᠵᠢᠩ ᠢ ᠪᠦᠲᠦᠮᠵᠢᠲᠡᠶ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠭᠰᠡᠨ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠪᠠᠶᠢᠭᠤᠯᠤᠮᠵᠢ ᠶᠢᠨ ᠪᠡᠯᠡ ᠬᠤᠷᠠᠮᠳᠤᠭᠤᠯᠬᠤ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠤᠨ | ᠡᠵᠡᠩᠨᠡᠯᠲᠡ ᠳᠤ ᠣᠷᠤᠯᠴᠠᠬᠤ ᠶᠢ ᠳᠡᠮᠵᠢᠨ᠎ᠡ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠲᠣᠭᠲᠠᠭᠠᠯ | ᠶᠣᠰᠣᠭᠠᠷ ᠬᠤᠳᠠᠯᠳᠤᠭᠠᠨ ᠤ ᠭᠡᠷ᠎ᠡ ᠶᠢᠨ ᠭᠡᠷ᠎ᠡ ᠪᠠᠨ ᠭᠦᠢᠴᠡᠳᠬᠡᠬᠦ ᠮᠡᠳᠡᠭᠡ ᠵᠠᠩᠭᠢ ᠶᠢ ᠴᠤᠭᠯᠠᠭᠤᠯᠬᠤ ᠶᠢ ᠵᠣᠷᠢᠭᠵᠢᠭᠤᠯᠵᠤ᠂ | ᠱᠡᠭᠡᠯᠡᠨ ᠪᠣᠷᠣᠯᠠᠭᠤᠯᠬᠤ᠂ ᠬᠤᠭᠤᠴᠠᠭ᠎ᠠ ᠬᠤᠪᠢᠶᠠᠨ ᠵᠣᠭᠤᠰ ᠥᠭᠬᠦ᠂ ᠪᠡᠯᠡ ᠬᠤᠷᠠᠮᠳᠤᠭᠤᠯᠬᠤ ᠲᠦᠷᠢᠶᠡᠰᠦᠯᠡᠵᠦ | ᠲᠦᠷᠢᠶᠡᠰᠦᠯᠡᠭᠦᠯᠬᠦ ᠵᠡᠷᠭᠡ ᠢᠲᠡᠭᠡᠮᠵᠢᠲᠦ ᠪᠣᠷᠤᠯᠠᠭᠤᠯᠭ᠎ᠠ ᠶᠢᠨ ᠵᠠᠭᠪᠤᠷ ᠢ ᠡᠮᠬᠢ ᠵᠢᠷᠤᠮ ᠲᠠᠢ ᠪᠠᠷ ᠳᠡᠯᠭᠡᠷᠡᠭᠦᠯᠬᠦ ᠶᠢ ᠳᠡᠮᠵᠢᠨ᠎ᠡ | ᠃ ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠴᠢᠩᠭᠠᠳᠬᠠᠵᠤ᠂ ᠫᠢᠶᠣᠣ | ᠪᠠᠷᠢᠮᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠪᠠᠷ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠭᠤ | ᠰᠠᠨᠠᠭ᠎ᠠ ᠪᠠᠷ ᠵᠣᠷᠢᠭᠤᠳᠠ ᠥᠷᠢ ᠥᠭᠴᠡᠭᠡ ᠠᠴᠠ ᠳᠤᠲᠠᠭᠠᠵᠤ ᠥᠷᠢ ᠥᠭᠴᠡᠭᠡ ᠪᠠᠨ ᠬᠦᠴᠦᠨ ᠦᠭᠡᠢ ᠪᠤᠯᠭᠠᠬᠰᠠᠨ | ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠦᠨᠳᠦ ᠨᠣᠴᠢᠲᠠᠢ ᠢᠲᠡᠭᠡᠮᠵᠢ | ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠤᠯᠤᠨ᠎ᠠ᠃ | ︵ᠬᠤᠷᠢᠨ ᠬᠤᠶᠠᠷ︶ ᠲᠠᠪᠴᠠᠩ ᠤᠨ ᠠᠵᠤ ᠠᠬᠤᠢ ᠶᠢᠨ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠲᠠᠪᠴᠠᠩ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠠᠪᠴᠠᠩ ᠤᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠲᠠᠪᠴᠠᠩ ᠤᠨ ᠳᠣᠲᠣᠷᠠᠬᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠪᠠ ᠲᠠᠪᠴᠠᠩ ᠤᠨ | ᠬᠤᠭᠤᠷᠣᠨᠳᠣᠭᠢ ᠢᠲᠡᠭᠡᠮᠵᠢ ᠠᠯᠳᠠᠭᠰᠠᠨ ᠢ ᠬᠤᠯᠪᠤᠭᠠᠯᠠᠨ ᠬᠢᠵᠠᠭᠠᠷᠯᠠᠬᠤ ᠳᠦᠷᠢᠮ ᠢ ᠪᠠᠶᠢᠭᠤᠯᠵᠤ᠂ ᠲᠠᠪᠴᠠᠩ ᠤᠨ | ᠳᠣᠲᠣᠷᠠᠬᠢ ᠬᠤᠳᠠᠯᠳᠤᠭᠠᠨ ᠤ ᠡᠷᠦᠭᠡ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠵᠦᠷᠢᠶᠡᠴᠢᠯᠡᠭᠰᠡᠨ ᠬᠠᠮᠢᠶᠠᠷᠤᠯᠲᠠ | ᠪᠠ ᠦᠢᠯᠡᠴᠢᠯᠡᠭᠡ ᠶᠢ ᠬᠡᠷᠡᠭᠵᠢᠭᠦᠯᠵᠦ᠂ ᠬᠠᠤᠯᠢ ᠶᠢ ᠰᠠᠬᠢᠵᠤ ᠦᠨᠡᠨᠴᠢ ᠢᠲᠡᠭᠡᠮᠵᠢ ᠲᠠᠢ ᠪᠠᠷ ᠡᠵᠡᠩᠨᠡᠬᠦ ᠭᠤᠣᠯ ᠴᠣᠭᠴᠠ ᠳᠤ | ᠨᠠᠩ ᠣᠯᠠᠨ ᠬᠠᠷᠠᠭᠠᠯᠵᠠᠯ ᠪᠠ ᠳᠥᠭᠦᠮ ᠦᠵᠡᠭᠦᠯᠵᠦ᠂ ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠡᠵᠡᠩᠨᠡᠯᠲᠡ ᠶᠢᠨ | ᠭᠤᠣᠯ ᠴᠣᠭᠴᠠ ᠶᠢ ᠲᠠᠪᠴᠠᠩ ᠤᠨ ᠳᠦᠷᠢᠮ ᠤᠨ ᠳᠣᠲᠣᠷ᠎ᠠ ᠬᠢᠵᠠᠭᠠᠷᠯᠠᠬᠤ ᠠᠷᠭ᠎ᠠ ᠶᠢ ᠬᠡᠷᠡᠭᠵᠢᠭᠦᠯᠦᠨ᠎ᠡ᠃ ᠰᠦᠯᠵᠢᠶᠡᠨ ᠤ | ᠭᠤᠣᠯ ᠨᠡᠪᠲᠡᠷᠡᠭᠦᠯᠦᠭᠴᠢ᠂ ᠬᠤᠪᠢ ᠶᠢᠨ ᠵᠠᠭᠤᠴᠢᠯᠠᠭᠤᠷ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢ ᠣᠯᠠᠨ | ᠠᠷᠭ᠎ᠠ ᠵᠠᠮ ᠢᠶᠠᠷ ᠬᠤᠪᠢᠶᠠᠨ ᠲᠠᠷᠬᠠᠭᠠᠬᠤ ᠦᠢᠯᠡᠴᠢᠯᠡᠭᠡᠨ ᠤ ᠪᠠᠶᠢᠭᠤᠯᠤᠮᠵᠢ ︵MCN ᠪᠠᠶᠢᠭᠤᠯᠤᠮᠵᠢ︶ ᠵᠡᠷᠭᠡ ᠳᠠᠬᠢ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠬᠤᠷᠢᠨ ᠭᠤᠷᠪᠠ︶ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠳᠤ ᠦᠢᠯᠡᠴᠢᠯᠡᠨ᠎ᠡ᠃ ᠠᠮᠤᠷ | ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠢᠯᠢ | ᠠᠯᠤᠰᠯᠠᠨ ᠭᠦᠢᠯᠭᠡᠭᠡᠬᠦ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ᠬᠢᠯᠢ ᠠᠯᠤᠰᠯᠠᠭᠰᠠᠨ ᠢᠲᠡᠭᠡᠮᠵᠢ ᠶᠢᠨ | ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠥᠷᠨᠢᠭᠦᠯᠦᠨ᠂ ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢᠨ ᠮᠡᠳᠡᠭᠦᠯᠦᠯᠲᠡ | ᠵᠡᠷᠭᠡ ᠢᠲᠡᠭᠡᠮᠵᠢ ᠶᠢᠨ ᠦᠢᠯᠡᠳᠬᠦᠨ ᠤ ᠬᠢᠯᠢ ᠠᠯᠤᠰᠯᠠᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠤᠯᠤᠰ ᠤᠨ | ᠳᠣᠲᠣᠭᠠᠳᠤ ᠶᠢᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠤᠯᠤᠰ᠂ ᠠᠯᠳᠠᠨ ᠲᠣᠭᠤᠰᠭ᠋᠎ᠠ ᠤᠯᠤᠰ ᠤᠳ ᠯᠤᠭ᠎ᠠ ᠪᠡᠶ᠎ᠡ ᠪᠠᠨ ᠳᠠᠭᠠᠭᠠᠭᠰᠠᠨ᠂ ᠲᠥᠪ ᠭᠤᠣᠯᠴᠢ | ᠭᠤᠷᠪᠠᠳᠠᠭᠴᠢ ᠡᠲᠡᠭᠡᠳ ᠤᠨ ᠢᠲᠡᠭᠡᠮᠵᠢ ᠶᠢᠨ ᠦᠢᠯᠡᠴᠢᠯᠡᠭᠡᠨ ᠤ ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ ᠣᠯᠠᠨ | ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠰᠣᠯᠢᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ | ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠲᠠᠢ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ | ᠢᠳᠡᠪᠬᠢᠲᠡᠢ ᠪᠤᠶᠢᠵᠢᠭᠤᠯᠤᠨ᠎ᠠ᠃ ᠤᠯᠤᠰ ᠤᠨ ᠳᠣᠲᠣᠭᠠᠳᠤ ᠶᠢᠨ ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠶᠢᠨ | ᠳᠡᠯᠡᠬᠡᠶᠢᠴᠢᠯᠡᠭᠰᠡᠨ ᠬᠥᠭᠵᠢᠯᠲᠡ ᠶᠢ ᠠᠬᠢᠭᠤᠯᠤᠨ᠎ᠠ᠃ | ᠳᠣᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠡᠭᠡᠷ᠎ᠡ ᠳᠣᠣᠷ᠎ᠠ ᠱᠠᠲᠤ ᠬᠤᠯᠪᠤᠭᠠᠯᠠᠨ | ᠬᠥᠳᠡᠯᠦᠯᠴᠡᠬᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡ ᠪᠠᠷ ᠠᠳᠬᠤᠨ ᠬᠠᠮᠲᠤ ᠪᠠᠷ | ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠬᠦᠷᠢᠶᠡᠨ ᠳᠠᠬᠢ ᠢᠲᠡᠭᠡᠮᠵᠢ ᠶᠢᠨ | ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ | ᠬᠡᠷᠡᠭᠲᠡᠢ᠃ ᠪᠦᠭᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ | ᠣᠷᠣᠨ ᠢ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠵᠢᠱᠢᠶ᠎ᠡ ᠦᠵᠡᠭᠦᠯᠭᠦ | ᠣᠷᠣᠨ ᠤ ᠰᠡᠭᠦᠯᠡᠷ ᠨᠢ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠶᠢᠨ ᠢᠲᠡᠭᠡᠮᠵᠢ ᠶᠢᠨ ᠬᠢᠨᠠᠨ | ᠬᠡᠮᠵᠢᠯᠲᠡ ᠶᠢ ᠦᠷᠭᠦᠯᠵᠢᠯᠡᠨ ᠥᠷᠨᠢᠭᠦᠯᠦᠨ᠎ᠡ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ | ᠢᠲᠡᠭᠡᠮᠵᠢ ᠶᠢᠨ ᠬᠥᠮᠦᠵᠢᠯ ᠢ ᠲᠦᠭᠡᠮᠡᠯᠵᠢᠭᠦᠯᠵᠦ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠶᠢ ᠢᠯᠡᠴᠢᠯᠡᠬᠦ | ᠡᠷᠴᠢᠮ ᠢᠶᠠᠨ ᠬᠠᠤᠯᠢ ᠲᠣᠭᠲᠠᠭᠠᠯ ᠶᠣᠰᠣᠭᠠᠷ ᠴᠢᠩᠭᠠᠷᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ | ᠢᠲᠡᠭᠡᠮᠵᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠳᠡᠮᠵᠢᠨ᠎ᠡ᠃ ᠦᠨᠡᠨᠴᠢ ᠢᠲᠡᠭᠡᠮᠵᠢ ᠶᠢᠨ | ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠨᠡᠨᠴᠢ ᠢᠲᠡᠭᠡᠮᠵᠢ ᠶᠢᠨ | ᠣᠳᠣᠨ︾ ᠤ ᠤᠬᠠᠭᠤᠯᠭ᠎ᠠ ᠪᠠ ︽ᠦᠨᠡᠨᠴᠢ ᠢᠲᠡᠭᠡᠮᠵᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ︾ | ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠲᠡᠭᠡᠮᠵᠢ ᠶᠢ ᠵᠢᠷᠤᠮᠯᠠᠨ ᠠᠮᠠᠯᠠᠯᠲᠠ ᠪᠠᠨ ᠦᠢᠯᠡᠳᠦᠯᠭᠡᠵᠢᠭᠦᠯᠬᠦ ᠰᠠᠶᠢᠨ | ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ᠃ ᠨᠡᠶᠢᠲᠡᠯᠢᠭ ᠲᠤᠷᠰᠢᠯᠭ᠎ᠠ ᠠᠷᠭ᠎ᠠ | ᠬᠢᠳᠡᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ | ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ | ᠮᠡᠳᠡᠭᠦᠯᠬᠦ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ︶ |