ᠶᠤᠸᠠᠨ ᠪᠦᠦ ᠱᠠᠨ ᠪᠠᠯᠭᠠᠰᠤ᠄ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ︽ᠳᠠᠬᠢᠨ ᠬᠦᠴᠦᠯᠡᠵᠦ︾ ᠪᠦᠬᠦ ᠣᠷᠣᠨ ᠪᠦᠰᠡ ᠶᠢᠨ ᠣᠷᠴᠢᠨ ᠲᠣᠭᠤᠷᠢᠨ ᠢ  ᠭᠤᠶᠣᠵᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/2
    ᠵᠢᠯ ᠤᠨ ᠡᠬᠢᠨ ᠠᠴᠠ ᠨᠠᠭᠠᠰᠢ᠂ ᠶᠤᠸᠠᠨ ᠪᠦᠦ ᠱᠠᠨ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠤᠯᠠᠷᠠᠭᠤᠯᠤᠯ ᠦᠭᠡᠢ ᠠᠳᠬᠤᠵᠤ᠂ ᠪᠦᠬᠦ ᠠᠵᠢᠯᠳᠠᠨ ᠢ ︽ᠬᠥᠳᠡᠯᠭᠡᠬᠦ︾᠂ ᠪᠦᠬᠦ ᠣᠷᠣᠨ ᠪᠦᠰᠡ ᠶᠢ ︽ᠲᠤᠩᠭᠠᠯᠠᠭᠰᠢᠭᠤᠯᠬᠤ︾᠂ ᠪᠦᠬᠦ ᠲᠠᠯ᠎ᠠ ᠶᠢ ︽ᠴᠡᠪᠡᠷᠰᠢᠭᠦᠯᠬᠦ︾᠎ ᠪᠠᠷ ᠬᠠᠷᠠᠯᠲᠠ ᠪᠣᠯᠭᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠦᠷᠭᠦᠯᠵᠢᠯᠡᠨ ᠬᠦᠴᠦᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠣᠷᠣᠨ ᠪᠦᠰᠡ ᠶᠢᠨ ᠣᠷᠴᠢᠨ ᠲᠣᠭᠤᠷᠢᠨ ᠢ ᠭᠤᠶᠤ ᠦᠵᠡᠰᠭᠦᠯᠡᠩ ᠲᠡᠶᠢᠰᠢ ᠤᠷᠤᠭᠰᠢᠯᠠᠭᠤᠯᠪᠠ᠃
1_副本.jpg
       ᠥᠨᠳᠥᠷ ᠪᠠᠶᠢᠷᠢ ᠪᠠᠷ ᠲᠦᠯᠬᠢᠨ ᠠᠬᠢᠭᠤᠯᠵᠤ ᠴᠡᠭᠴᠡᠯᠡᠨ ᠵᠠᠰᠠᠬᠤ ᠨᠡᠶᠢᠯᠡᠮᠡᠯ ᠬᠦᠴᠦᠨ ᠢ ᠨᠢᠭᠲᠠᠷᠠᠭᠤᠯᠪᠠ    ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠳᠠᠬᠢᠨ ᠳᠠᠷᠤᠯᠲᠠ ᠥᠭᠴᠦ᠂ ᠬᠦᠨᠳᠦ ᠬᠦᠴᠢᠷ ᠠᠰᠠᠭᠤᠳᠠᠯ ᠪᠣᠯᠤᠨ ᠪᠠᠭᠤᠷᠠᠶ ᠭᠤᠭᠴᠤᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ︽ᠮᠧᠬᠠᠨᠢᠭ + ᠬᠥᠮᠦᠨ ᠤ ᠬᠦᠴᠦᠨ︾᠎ ᠤ ᠠᠷᠭ᠎ᠠ ᠮᠠᠶ᠋ᠢᠭ ᠢᠶᠠᠷ ᠳᠠᠮᠵᠢᠭᠤᠯᠤᠨ ᠴᠡᠭ ᠳᠠᠷᠠᠭᠠᠯᠠᠨ ᠴᠡᠪᠡᠷᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃
2_副本.jpg
3_副本.jpg
4_副本.jpg
5_副本.jpg
       ᠪᠥᠬᠦ ᠲᠠᠯ᠎ᠠ ᠪᠠᠷ ᠬᠦᠴᠦᠯᠡᠵᠦ ᠴᠡᠭᠴᠡᠯᠡᠨ ᠵᠠᠰᠠᠬᠤ ᠭᠤᠤᠯᠳᠠᠯᠭ᠎ᠠ ᠳᠤ ᠠᠩᠬᠠᠷᠤᠯ ᠢᠶᠠᠨ ᠲᠦᠪᠯᠡᠷᠡᠭᠦᠯᠪᠡ    ︽ ᠪᠠᠯᠭᠠᠰᠤ ᠲᠣᠰᠬᠤᠨ ᠬᠤᠯᠪᠣᠭᠠᠯᠠᠨ ᠬᠥᠳᠡᠯᠦᠯᠴᠡᠬᠦ᠂ ᠪᠥᠬᠦ ᠣᠷᠣᠨ ᠪᠦᠰᠡ ᠶᠢᠨ ᠵᠠᠰᠠᠯᠲᠠ᠂ ᠪᠥᠬᠦ ᠠᠷᠠᠳ ᠢᠶᠠᠷ ᠢᠶᠠᠨ ᠣᠷᠣᠯᠴᠠᠬᠤ︾ ᠵᠠᠭᠪᠤᠷ ᠶᠣᠰᠣᠭᠠᠷ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠣᠰᠬᠤᠨ ᠤ ᠭᠤᠤᠯ ᠪᠠ ᠳᠡᠳ᠋ ᠵᠠᠮ᠂ ᠬᠡᠷ ᠤᠨ ᠡᠮᠦᠨ᠎ᠡ ᠠᠷᠤ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ︽ᠬᠡᠪᠢᠰ ᠮᠠᠶ᠋ᠢᠭ︾᠎ ᠤᠨ ᠵᠢᠭᠰᠠᠭᠠᠨ ᠪᠠᠶᠢᠴᠠᠭᠠᠯᠲᠠ ᠬᠢᠵᠦ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ᠂ ᠠᠮᠢᠳᠤᠷᠠᠯ ᠤᠨ ᠬᠤᠭ ᠨᠣᠪᠰᠢ ᠶᠢ ᠵᠠᠰᠠᠬᠤ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠬᠤᠪᠠᠭ᠋ᠠᠢ ᠰᠠᠯᠠᠭ᠎ᠠ ᠂ ᠪᠤᠵᠠᠷ ᠡᠪᠡᠰᠦ ᠶᠢ ᠴᠡᠪᠡᠷᠯᠡᠬᠦ ᠳᠤ ᠭᠤᠤᠯᠳᠠᠯᠭ᠎ᠠ ᠲᠠᠢ ᠴᠢᠭᠯᠡᠭᠦᠯᠦᠨ᠂ ᠪᠦᠬᠦᠨ ᠢ ᠬᠠᠮᠤᠷᠴᠤ᠂ ᠪᠥᠬᠦ ᠲᠠᠯ᠎ᠠ ᠪᠠᠷ ᠴᠡᠪᠡᠷᠯᠡᠨ ᠲᠡᠭᠡᠭᠡᠪᠦᠷᠢᠯᠡᠵᠦ᠂ ᠦᠨᠡᠨ ᠪᠣᠳᠠᠲᠠᠶ ᠡᠷᠴᠢ ᠵᠣᠷᠢᠭ ᠢᠶᠠᠷ ᠦᠵᠡᠭᠳᠡᠬᠦ ᠦᠭᠡᠢ ᠬᠡᠰᠡᠭ ᠪᠠᠯᠠᠶ ᠣᠷᠣᠨ ᠢ  ᠠᠷᠢᠯᠭᠠᠨ ᠴᠡᠪᠡᠷᠯᠡᠵᠦ ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠣᠷᠣᠨ ᠪᠦᠰᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠪᠠ᠃ ᠣᠲᠣ ᠪᠣᠯᠲᠠᠯ᠎ᠠ᠂ ᠲᠣᠰ  ᠪᠠᠯᠭᠠᠰᠤᠨ ᠤ  ᠠᠵᠢᠯᠲᠠᠳ ᠢ100 ᠭᠠᠷᠤᠶ ᠬᠥᠮᠦᠨ ᠤᠳᠠᠭ᠎ᠠ᠂ ᠬᠤᠰᠤᠭᠤᠷ ᠲᠡᠷᠭᠡ ᠵᠡᠷᠭᠡ ᠮᠠᠰᠢᠨ ᠲᠥᠬᠦᠭᠡᠷᠦᠮᠵᠢ ᠶᠢ 20 ᠭᠠᠷᠤᠶ ᠬᠥᠳᠡᠯᠭᠡᠨ ᠬᠡᠷᠡᠭᠯᠡᠵᠦ᠂ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠶᠢ ᠭᠤᠴᠢ ᠭᠠᠷᠤᠶ ᠣᠷᠤᠨ ᠲᠡᠭᠰᠢᠯᠡᠪᠡ᠃    ᠳᠠᠷᠠᠭᠠᠴᠢ ᠶᠢᠨ ᠠᠯᠬᠤᠮ ᠳᠤ᠂ ᠶᠤᠸᠠᠨ ᠪᠦᠦ ᠱᠠᠨ ᠪᠠᠯᠭᠠᠰᠤ ᠡᠷᠴᠢ ᠵᠣᠷᠢᠭ ᠢᠶᠠᠨ ᠬᠥᠪᠴᠢᠯᠡᠵᠦ ᠰᠤᠯᠠᠷᠠᠭᠤᠯᠤᠯ ᠦᠭᠡᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠡᠪᠡᠷᠯᠡᠨ ᠴᠡᠭᠴᠡᠯᠡᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠵᠤ᠂ ᠤᠯᠠᠨ ᠲᠦᠮᠡᠨ ᠳᠤ ᠴᠡᠪᠡᠷ ᠲᠡᠭᠰᠢ ᠣᠷᠴᠢᠨ ᠲᠣᠭᠤᠷᠢᠨ ᠤ ᠠᠪᠴᠢᠷᠠᠭᠰᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨᠬᠦ ᠡᠳ᠋ᠯᠡᠭᠦᠯᠬᠦ ᠪᠣᠯᠤᠨ᠎ᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1