ᠤᠷᠢᠬᠠᠨ ᠰᠠᠯᠬᠢ ᠠᠶᠠᠷᠬᠠᠨ ᠰᠡᠪᠢᠯᠵᠡᠵᠦ᠂ ᠡᠬᠡ ᠭᠠᠵᠠᠷ ᠰᠢᠨᠡᠬᠡᠨ ᠨᠣᠭᠤᠭᠠᠨ ᠥᠩᠭᠡ ᠪᠠᠷ ᠠᠮᠢᠵᠢᠷᠠᠯ | ᠪᠢᠯᠬᠠᠭᠠᠳ᠂ ᠶᠠᠭ ᠰᠠᠶᠢᠬᠠᠨ ᠮᠣᠳᠣ ᠲᠠᠷᠢᠬᠤ ᠴᠠᠭ ᠪᠣᠯᠪᠠ᠃ 4 ᠰᠠᠷ᠎ᠠ ᠶᠢᠨ 18 ᠤ ᠡᠳᠦᠷ᠂ ᠲᠣᠭᠤᠷᠢᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ | ᠺᠠᠶ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ ᠵᠡᠷᠭᠡ ᠲᠣᠭᠤᠷᠢᠭ ᠤᠨ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ | ᠳᠠᠷᠤᠭ᠎ᠠ ᠶᠢᠨ ᠰᠢᠤ ᠱᠠᠨ ᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠳᠤ ᠬᠦᠷᠴᠦ᠂ ᠲᠤᠭᠤᠷᠢᠭ ᠤᠨ | ᠰᠢᠭᠤᠳ ᠬᠠᠷᠢᠶ᠎ᠠ ᠪᠠᠶᠢᠭᠤᠯᠭ᠎ᠠ ᠶᠢᠨ 240 ᠭᠠᠷᠤᠶ ᠺᠠᠳ᠋ᠷ ᠤᠨ ᠬᠠᠮᠲᠤ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠭᠠᠵᠠᠷ ᠢ ᠨᠣᠭᠤᠭᠠᠷᠠᠭᠤᠯᠤᠨ᠂ ᠠᠮᠢ | ᠠᠬᠤᠶ ᠳᠤ ᠥᠩᠭᠡ ᠪᠣᠳᠤᠭ ᠨᠡᠮᠡᠷᠢᠯᠡᠪᠡ᠃ | | | | ᠮᠣᠳᠣ ᠲᠠᠷᠢᠬᠤ ᠠᠬᠤᠢ ᠲᠠᠯᠠᠪᠠᠢ ᠳᠤ᠂ ᠤᠯᠠᠨ ᠢᠶᠠᠷ ᠢᠶᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ᠂ | ᠡᠷᠴᠢ ᠵᠣᠷᠢᠭ ᠲᠡᠭᠦᠯᠳᠡᠷ ᠪᠠᠶᠢᠵᠤ᠂ ᠬᠤᠶᠠᠷ ᠭᠤᠷᠪᠠᠨ ᠬᠥᠮᠦᠨ ᠨᠢᠭᠡ ᠳᠤᠭᠤᠶᠢᠯᠠᠩ ᠪᠤᠯᠵᠤ᠂ ᠬᠦᠷᠵᠡ ᠡᠷᠭᠢᠭᠦᠯᠥᠨ | ᠨᠦᠭᠡ ᠮᠠᠯᠲᠠᠵᠤ᠂ ᠴᠢᠬᠢ ᠮᠣᠳᠣ ᠶᠢ ᠲᠡᠭᠰᠢ ᠰᠠᠭᠤᠯᠭᠠᠨ᠂ ᠰᠢᠨ᠎ᠡ ᠰᠢᠷᠣᠢ ᠨᠡᠮᠡᠵᠦ᠂ ᠰᠠᠭᠤᠯᠠᠭ᠎ᠠ ᠳᠡᠭᠦᠵᠢᠯᠡᠨ | ᠤᠰᠤᠯᠠᠵᠤ᠂ ᠨᠢᠭᠡ ᠨᠢᠭᠡ ᠰᠠᠭᠤᠷᠢ ᠵᠢᠭᠠᠷᠲᠤ ᠨᠠᠷᠠᠰᠤ᠂ ᠲᠣᠰᠣᠯᠢᠭ ᠨᠠᠷᠠᠰᠤᠨ ᠤ ᠰᠢᠨ᠎ᠡ ᠴᠢᠬᠢ ᠮᠣᠳᠣ ᠶᠢ | ᠯᠠᠪᠳᠠᠭᠤᠨ ᠪᠠᠲᠤᠲᠠᠢ ᠵᠠᠶᠢᠯᠠᠵᠤ᠂ ᠬᠠᠪᠤᠷ ᠤᠨ ᠰᠠᠯᠬᠢᠨ ᠳᠤ ᠰᠢᠭᠤᠷᠬᠠᠶᠢᠯᠠᠨ ᠬᠥᠳᠡᠯᠵᠦ ᠦᠵᠡᠰᠬᠦᠯᠡᠩᠲᠥ ᠰᠠᠶᠢᠬᠠᠨ | ᠶᠤᠸᠠᠨ ᠪᠣᠥ ᠱᠠᠨ ᠳᠤ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠮᠣᠳᠣ ᠲᠠᠷᠢᠵᠤ ᠣᠶᠢᠵᠢᠭᠤᠯᠬᠤ ᠶᠢᠨ ᠠᠴᠢ ᠭᠠᠪᠢᠶ᠎ᠠ ᠨᠢ ᠥᠨᠥᠳᠥᠷ ᠤᠨ ᠬᠢ ᠠᠰᠢᠭ ᠲᠤᠰᠠ ᠨᠢ ᠥᠨᠢ | ᠡᠭᠦᠷᠢᠳᠡ ᠶᠢᠨ ᠬᠢ ᠶᠤᠮ᠃ ᠥᠷᠭᠡᠨ ᠤᠯᠠᠨ ᠪᠠᠶᠢᠭᠤᠯᠭ᠎ᠠ ᠶᠢᠨ ᠺᠠᠳ᠋ᠷᠴᠤᠳ ᠢᠯᠡᠳᠬᠡᠵᠡᠭᠡᠭᠰᠡᠨ ᠨᠢ᠂ ᠲᠤᠰ | ᠤᠳᠠᠭᠠᠨ ᠤ ᠮᠣᠳᠣ ᠲᠠᠷᠢᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠬᠢᠷᠲᠤᠯ ᠦᠭᠡᠢ ᠬᠥᠭᠵᠢᠯᠲᠡ ᠶᠢᠨ | ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ︽ᠨᠣᠭᠤᠭᠠᠷᠠᠭᠤᠯᠬᠤ᠂ ᠨᠣᠭᠤᠭᠠᠷᠠᠭᠤᠯᠤᠯᠲᠠ ᠶᠢ ᠬᠠᠶᠢᠷᠠᠯᠠᠬᠤ᠂ | ᠨᠣᠭᠤᠭᠠᠷᠠᠭᠤᠯᠤᠯᠲᠠ ᠶᠢ ᠬᠠᠮᠠᠭᠠᠯᠠᠬᠤ︾ ᠪᠣᠯᠪᠠᠰᠤᠨ ᠰᠢᠨ᠎ᠡ ᠰᠤᠷᠲᠠᠯ ᠢ ᠢᠳᠡᠪᠬᠢᠲᠡᠢ ᠰᠠᠨᠠᠭᠠᠴᠢᠯᠠᠵᠤ᠂ ᠶᠤᠸᠠᠨ ᠪᠦᠦ | ᠱᠠᠨ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠣᠶᠢᠯᠠᠭᠠᠭᠰᠠᠨ ᠢᠶᠠᠷ᠂ 2022 ᠣᠨ ᠠᠴᠠ ᠨᠠᠭᠠᠰᠢ᠂ ᠮᠠᠨ ᠤ ᠲᠣᠭᠤᠷᠢᠭ ᠨᠡᠶᠢᠲᠡ 17.3 ᠲᠦᠮᠡᠨ ᠬᠥᠮᠦᠨ | ᠤᠳᠠᠭ᠎ᠠ ᠣᠶᠢᠵᠢᠭᠤᠯᠵᠤ ᠨᠣᠭᠤᠭᠠᠷᠠᠭᠤᠯᠬᠤ᠂ ᠠᠷᠠᠴᠢᠯᠠᠨ ᠪᠤᠶᠢᠵᠢᠭᠤᠯᠵᠤ ᠬᠠᠮᠢᠶᠠᠷᠤᠨ ᠬᠠᠮᠠᠭᠠᠯᠠᠬᠤ᠂ ᠰᠠᠶᠢᠨ | ᠳᠤᠷ᠎ᠠ ᠠᠴᠠ ᠲᠠᠷᠢᠵᠤ ᠠᠷᠠᠴᠢᠯᠠᠬᠤ ᠳᠤ ᠣᠷᠤᠯᠴᠠᠬᠤ᠂ ᠡᠳ᠋ ᠪᠣᠳᠠᠰ ᠬᠠᠨᠳᠢᠪᠯᠠᠬᠤ᠂ ᠰᠠᠶᠢᠨ ᠳᠤᠷ᠎ᠠ ᠶᠢᠨ | ᠦᠢᠯᠡᠴᠢᠯᠡᠭᠡ ᠬᠠᠩᠭᠠᠬᠤ ᠵᠡᠷᠭᠡ ᠬᠡᠯᠪᠡᠷᠢ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ᠂ | ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢ 31 ᠪᠠᠶᠢᠭᠤᠯᠵᠤ᠂ 63.5 ᠲᠦᠮᠡᠨ ᠰᠠᠭᠤᠷᠢ ᠮᠣᠳᠣ | ᠳᠠᠷᠢᠵᠤ᠂ ᠠᠯᠪᠠᠨ ᠵᠢᠷᠤᠮ ᠤᠨ ᠮᠣᠳᠣ ᠲᠠᠷᠢᠭᠰᠠᠨ ᠲᠠᠯᠠᠪᠠᠶ 6968 ᠮᠥ ᠬᠥᠷᠪᠡ᠃ | |