ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ﹇2025﹈ 31ᠳ᠋ᠣᠭᠡᠷ ᠲᠤᠭᠠᠲᠤ | | | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ᠄ | ᠡᠳᠥᠭᠡ ︽ᠶᠤᠸᠠᠨ ᠪᠦᠦ ᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠲᠡᠳᠬᠦᠬᠦ | ᠨᠥᠬᠦᠪᠥᠷᠢ ᠥᠭᠬᠦ ᠠᠷᠭ᠎ᠠ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2025 ᠣᠨ ᠤ 4 ᠳ᠋ᠤᠭᠡᠷ ᠰᠠᠷ᠎ᠠ ᠶᠢᠨ 15 ᠤ ᠡᠳᠦᠷ | | ᠶᠤᠸᠠᠨ ᠪᠦᠦ ᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠲᠡᠳᠬᠦᠬᠦ | ᠨᠥᠬᠦᠪᠥᠷᠢ ᠥᠭᠬᠦ ᠠᠷᠭ᠎ᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠬᠦᠭᠡᠷᠦᠮᠵᠢᠲᠦ ᠲᠠᠷᠢᠶᠠᠯᠠᠩ᠂ ᠲᠥᠬᠦᠭᠡᠷᠦᠮᠵᠢᠲᠦ ᠮᠠᠯ | ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇ 2024 ﹈ 4 ᠳ᠋ᠣᠭᠡᠷ ᠲᠣᠭᠠᠲᠤ︶ ᠪᠣᠯᠤᠨ ᠤᠯᠠᠭᠠᠨᠬᠠᠳᠠ ᠬᠤᠲᠠ ᠶᠢᠨ ︽ᠤᠯᠠᠭᠠᠨᠬᠠᠳᠠ | ᠬᠤᠲᠠ ᠶᠢᠨ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠠᠷᠪᠠᠨ | ᠵᠦᠢᠯ ᠤᠨ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ︵ᠤᠯᠠᠭᠠᠨᠬᠠᠳᠠ ᠵᠠᠰᠠᠭ ᠲᠠᠷᠬᠠᠭᠠᠭᠰᠠᠨ ﹇ 2024 ﹈ | 15 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠤᠸᠠᠨ ᠪᠦᠦ ᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠬᠡᠪᠴᠢᠶ᠎ᠡ ᠶᠢ | ᠤᠯᠠᠮ ᠨᠢᠭᠡ ᠠᠯᠬᠤᠮ ᠥᠷᠭᠡᠳᠬᠡᠨ᠂ ᠬᠠᠭᠤᠴᠢᠨ ᠬᠦᠯᠡᠮᠵᠢ ᠶᠢᠨ ᠲᠥᠬᠦᠭᠡᠷᠥᠮᠵᠢ ᠶᠢ ᠰᠢᠨᠡᠳᠬᠡᠵᠦ᠂ ᠴᠢᠨᠠᠷ ᠰᠠᠶᠢᠲᠠᠶ | ᠬᠥᠭᠵᠢᠯᠲᠡ ᠶᠢ ᠲᠤᠯᠭᠠᠭᠤᠷᠢᠯᠠᠭᠰᠠᠨ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠤᠨ ᠰᠢᠨ᠎ᠡ ᠪᠠᠶᠢᠷᠢᠰᠢᠯ ᠢ | ᠴᠣᠭᠴᠠᠯᠠᠨ ᠪᠠᠶᠢᠭᠤᠯᠬᠤ ᠶᠢᠨ ᠲᠥᠯᠥᠭᠡ᠂ ᠶᠤᠸᠠᠨ ᠪᠦᠦ ᠱᠠᠨ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ︽ | ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ ᠥᠭᠬᠦ᠂ ᠱᠠᠩᠨᠠᠬᠤ ᠪᠠᠷ ᠨᠥᠬᠦᠪᠥᠷᠢ ᠥᠭᠬᠦ ᠶᠢ ᠣᠷᠣᠯᠠᠭᠤᠯᠬᠤ︾ | ᠵᠠᠷᠴᠢᠮ ᠶᠣᠰᠣᠭᠠᠷ᠂ ︽ᠶᠤᠸᠠᠨ ᠪᠦᠦ ᠱᠠᠨ ᠲᠣᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢ | ᠲᠡᠳᠬᠦᠬᠦ ᠨᠥᠬᠦᠪᠥᠷᠢ ᠥᠭᠬᠦ ᠠᠷᠭ᠎ᠠ︾ ᠶᠢ ᠲᠣᠭᠲᠠᠭᠠᠪᠠ᠃ | ᠨᠢᠭᠡ᠂ ᠲᠡᠳᠬᠦᠬᠦ ᠵᠠᠷᠴᠢᠮ | ᠰᠢᠯᠢᠳᠡᠭ ᠢ ᠨᠢ ᠲᠡᠳᠬᠦᠵᠦ ᠬᠦᠴᠦᠷᠬᠡᠭ ᠢ ᠨᠢ ᠲᠡᠳᠬᠦᠬᠦ᠂ ᠭᠤᠤᠯᠳᠠᠯᠭ᠎ᠠ ᠲᠠᠢ ᠲᠡᠳᠬᠦᠬᠦ ᠵᠠᠷᠴᠢᠮ ᠢ | ᠪᠠᠷᠢᠮᠲᠠᠯᠠᠨ᠂ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ | ᠲᠣᠭᠤᠷᠢᠭ᠂ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠭᠤᠴᠢᠨ ᠳᠤᠯᠠᠭᠠᠨ ᠬᠦᠯᠡᠮᠵᠢ ᠶᠢ | ᠬᠡᠪᠴᠢᠶᠡᠵᠢᠭᠦᠯᠦᠨ ᠲᠥᠯᠬᠢᠨ ᠤᠨᠠᠭᠠᠵᠤ ᠳᠠᠬᠢᠨ ᠪᠠᠶᠢᠭᠤᠯᠤᠭᠰᠠᠨ ᠪᠠ ᠰᠡᠯᠪᠢᠨ ᠵᠠᠰᠠᠵᠤ ᠥᠭᠡᠷᠡᠴᠢᠯᠡᠭᠰᠡᠨ᠂ | ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠰᠡᠨ ᠬᠦᠢᠲᠡᠨ ᠬᠦᠯᠡᠮᠵᠢ ᠶᠢ ᠵᠣᠷᠢᠭᠵᠢᠭᠤᠯᠤᠨ ᠳᠡᠮᠵᠢᠵᠦ᠂ ᠮᠠᠨ ᠤ | ᠲᠤᠭᠤᠷᠢᠭ ᠤᠨ ᠲᠦᠬᠦᠭᠡᠷᠦᠮᠵᠢᠲᠦ ᠲᠠᠷᠢᠶᠠᠯᠠᠩ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ | ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠠᠮᠲᠤ ᠶᠢᠨ ᠠᠵᠤ ᠠᠬᠤᠶ ᠶᠢ | ᠪᠣᠵᠠᠭᠠᠶᠢᠷᠠᠭᠤᠯᠬᠤ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠬᠤ ᠴᠢᠳᠠᠪᠤᠷᠢ ᠶᠢ ᠴᠢᠩᠭᠠᠷᠠᠭᠤᠯᠤᠨ᠎ᠠ᠃ | ᠬᠤᠶᠠᠷ᠂ ᠲᠡᠳᠬᠦᠬᠦ ᠲᠥᠷᠥ ᠶᠢᠨ ᠪᠣᠳᠣᠯᠭ᠎ᠠ | ︵ᠨᠢᠭᠡ︶᠂ ᠰᠢᠨ᠎ᠡ ᠪᠠᠷ ᠪᠠᠶᠢᠭᠤᠯᠤᠭᠰᠠᠨ ᠲᠦᠬᠦᠭᠡᠷᠦᠮᠵᠢᠲᠦ ᠲᠠᠷᠢᠶᠠᠯᠠᠩ ᠢ ᠳᠡᠮᠵᠢᠬᠦ ᠡᠷᠴᠢᠮ ᠢ | ᠨᠡᠮᠡᠭᠳᠡᠭᠦᠯᠦᠨ᠎ᠡ᠃ 2025 ᠣᠨ ᠳᠤ ᠰᠢᠨ᠎ᠡ ᠪᠠᠷ ᠪᠠᠶᠢᠭᠤᠯᠤᠭᠰᠠᠨ ︵ᠲᠦᠯᠬᠢᠨ ᠤᠨᠠᠭᠠᠵᠤ ᠳᠠᠬᠢᠨ ᠪᠦᠲᠦᠭᠡᠨ | ᠪᠠᠶᠢᠭᠤᠯᠤᠭᠰᠠᠨ ᠢ ᠪᠠᠭᠲᠠᠭᠠᠨ᠎ᠠ︶ ᠲᠥᠪᠯᠡᠷᠡᠨ ᠵᠠᠯᠭᠠᠯᠳᠤᠭᠰᠠᠨ ᠬᠦᠯᠡᠮᠵᠢ ᠶᠢᠨ ᠳᠤᠯᠠᠭᠠᠨ ᠬᠦᠯᠡᠮᠵᠢ ᠂ ᠲᠠᠩ ᠪᠡᠶᠡᠲᠦ | ᠳᠤᠯᠠᠭᠠᠨ ᠬᠦᠯᠡᠮᠵᠢ ᠨᠢ ᠪᠠᠷᠢᠮᠵᠢᠶ᠎ᠠ ︵ᠬᠦᠯᠡᠮᠵᠢ ᠶᠢᠨ ᠥᠷᠭᠡᠨ ᠨᠢ 10 ᠮᠧᠳ᠋ᠷ ᠠᠴᠠ ᠳᠡᠭᠡᠭᠰᠢ᠂ ᠬᠦᠯᠡᠮᠵᠢ ᠶᠢᠨ | ᠨᠢᠷᠤᠭᠤᠨ ᠤ ᠥᠨᠳᠥᠷ ᠨᠢ 4.5 ᠮᠧᠳ᠋ᠷ ᠠᠴᠠ ᠳᠡᠭᠡᠭᠰᠢ᠂ ᠣᠶᠤᠨᠲᠤ ᠤᠰᠤ ᠪᠣᠷᠳᠣᠭᠤᠷ ᠢ ᠨᠢᠭᠡ | ᠴᠣᠭᠴᠠᠵᠢᠭᠤᠯᠤᠭᠰᠠᠨ᠂ ᠠᠦ᠋ᠲ᠋ᠣ᠋ ᠣᠷᠢᠶᠠᠮᠠᠭ ᠵᠡᠷᠭᠡ ᠣᠷᠴᠢᠨ ᠲᠣᠭᠤᠷᠢᠨ ᠤ ᠣᠶᠤᠨᠴᠢ ᠡᠵᠡᠮᠰᠢᠯ ᠤᠨ ᠰᠢᠰᠲ᠋ᠧᠮ ᠤᠨ | ᠢᠵᠢ ᠪᠦᠷᠢᠳᠦᠭᠦᠯᠬᠦ ᠲᠥᠬᠦᠭᠡᠷᠦᠮᠵᠢ ᠨᠢ ᠪᠦᠷᠢᠨ ᠭᠦᠢᠴᠡᠳ ᠪᠠᠶᠢᠵᠤ᠂ ᠬᠦᠯᠡᠮᠵᠢ ᠶᠢᠨ ᠳᠣᠲᠣᠷᠠᠬᠢ ᠠᠵᠤ | ᠠᠬᠤᠢ ᠶᠢᠨ ᠲᠠᠷᠢᠮᠠᠯ ᠤᠨ ᠪᠦᠬᠦᠯᠢ ᠵᠢᠯ ᠢᠶᠠᠷ ᠢᠶᠠᠨ ︵ᠵᠢᠯ ᠤᠨ ᠳᠥᠷᠪᠡᠨ ᠤᠯᠠᠷᠢᠯ︶ ᠲᠠᠷᠢᠵᠤ ᠬᠤᠷᠢᠶᠠᠬᠤ ᠶᠢ | ᠬᠠᠩᠭᠠᠵᠤ ᠴᠢᠳᠠᠨ᠎ᠠ︶ ᠳᠤ ᠨᠡᠶᠢᠴᠡᠭᠰᠡᠨ᠂ ᠶᠡᠷᠦᠩᠬᠡᠶᠢᠯᠡᠭᠰᠡᠨ ᠡᠵᠡᠯᠡᠬᠦ ᠲᠠᠯᠠᠪᠠᠶ ᠶᠢᠨ ᠬᠡᠪᠴᠢᠶ᠎ᠡ ᠨᠢ 200-500 | ᠮᠦ ᠶᠢᠨ ᠬᠢ ᠶᠢ᠂ ᠬᠦᠯᠡᠮᠵᠢ ᠶᠢᠨ ᠳᠤᠲᠤᠷ᠎ᠠ ᠬᠡᠷᠡᠮ ᠨᠢ ᠮᠧᠳ᠋ᠷ ᠤᠷᠲᠤᠰᠬᠤ ᠪᠥᠷᠢ 400 ᠲᠥᠭᠦᠷᠢᠭ ᠤᠨ | ᠨᠥᠬᠦᠪᠥᠷᠢ ᠣᠯᠭᠤᠵᠤ᠂ ᠶᠡᠷᠦᠩᠬᠡᠶᠢᠯᠡᠭᠰᠡᠨ ᠡᠵᠡᠯᠡᠬᠦ ᠲᠠᠯᠠᠪᠠᠶ ᠶᠢᠨ ᠬᠡᠪᠴᠢᠶ᠎ᠡ ᠨᠢ 500 ᠮᠦ ᠠᠴᠠ ᠳᠡᠭᠡᠭᠰᠢ ᠪᠣᠯ | ᠬᠦᠯᠡᠮᠵᠢ ᠶᠢᠨ ᠳᠤᠳᠤᠷ᠎ᠠ ᠬᠡᠷᠡᠮ ᠨᠢ ᠮᠧᠳ᠋ᠷ ᠤᠷᠲᠤᠰᠬᠤ ᠪᠥᠷᠢ 600 ᠲᠥᠭᠦᠷᠢᠭ ᠤᠨ ᠨᠥᠬᠦᠪᠥᠷᠢ ᠣᠯᠭᠤᠨ᠎ᠠ᠃ | ᠰᠢᠨ᠎ᠡ ᠪᠠᠷ ᠪᠠᠶᠢᠭᠤᠯᠤᠭᠰᠠᠨ ᠰᠦᠯᠢᠶᠣᠤ ᠬᠥᠯᠡᠮᠵᠢ ︵ᠬᠦᠢᠲᠡᠨ ᠬᠥᠯᠡᠮᠵᠢ︶ ᠲᠥᠪᠯᠡᠷᠡᠨ ᠵᠠᠯᠭᠠᠯᠳᠤᠭᠰᠠᠨ | 200-500 ᠮᠦ ᠪᠠᠶᠢᠪᠠᠯ᠂ ᠬᠥᠯᠡᠮᠵᠢ ᠶᠢᠨ ᠳᠣᠲᠣᠷᠠᠬᠢ ᠲᠠᠯᠠᠪᠠᠶ ᠪᠠᠷ ᠨᠢ ᠮᠦ ᠪᠦᠷᠢ ᠳᠤ 2000 ᠲᠥᠭᠦᠷᠢᠭ ᠤᠨ | ᠨᠥᠬᠦᠪᠥᠷᠢ ᠥᠭᠴᠦ᠂ 500 ᠮᠦ ᠠᠴᠠ ᠳᠡᠭᠡᠭᠰᠢᠬᠢ ᠶᠢ ᠨᠢ ᠬᠥᠯᠡᠮᠵᠢ ᠶᠢᠨ ᠳᠣᠲᠣᠷᠠᠬᠢ ᠲᠠᠯᠠᠪᠠᠶ ᠪᠠᠷ ᠨᠢ ᠮᠦ | ᠪᠦᠷᠢ ᠳᠤ 3000 ᠲᠥᠭᠦᠷᠢᠭ ᠤᠨ ᠨᠥᠬᠦᠪᠥᠷᠢ ᠥᠭᠭᠦᠨ᠎ᠡ᠃ | ᠰᠢᠨ᠎ᠡ ᠪᠠᠷ ᠪᠠᠶᠢᠭᠤᠯᠤᠭᠰᠠᠨ ᠳᠤᠯᠠᠭᠠᠨ ᠬᠥᠯᠡᠮᠵᠢ ᠶᠢᠨ ᠬᠦᠷᠢᠶᠡᠯᠡᠩ᠂ ᠰᠢᠨ᠎ᠡ ᠪᠠᠷ ᠪᠠᠶᠢᠭᠤᠯᠤᠭᠰᠠᠨ ᠰᠦᠯᠢᠶᠣᠤ | ᠬᠥᠯᠡᠮᠵᠢ ︵ᠬᠦᠢᠲᠡᠨ ᠬᠥᠯᠡᠮᠵᠢ︶ ᠶᠢᠨ ᠬᠥᠷᠢᠶᠡᠯᠡᠩ ᠲᠣᠭᠤᠷᠢᠭ ᠢ ᠳᠠᠬᠢᠨ ︽ᠨᠢᠭᠡ ᠤᠴᠢᠷ ᠢ ᠨᠢᠭᠡ ᠵᠦᠪᠯᠡᠬᠦ︾ | ᠠᠷᠭ᠎ᠠ ᠮᠠᠶ᠋ᠢᠭ ᠢᠶᠠᠷ ᠤᠰᠤ ᠴᠠᠬᠢᠯᠭᠠᠨ ᠵᠠᠮ ᠵᠡᠷᠭᠡ ᠢᠵᠢ ᠪᠦᠷᠢᠳᠦᠭᠦᠯᠬᠦ ᠪᠡᠯᠡ ᠮᠥᠩᠭᠦ ᠶᠢ ᠨᠥᠬᠦᠪᠦᠷᠢᠯᠡᠨ᠎ᠡ᠃ | ᠳᠤᠯᠠᠭᠠᠨ ᠬᠥᠯᠡᠮᠵᠢ ᠶᠢᠨ ᠭᠡᠷᠡᠯᠳᠦᠭᠦᠯᠭᠡ ᠶᠢᠨ ᠲᠠᠰᠤᠯᠭ᠎ᠠ ᠳᠤ ᠪᠠᠶᠢᠭᠤᠯᠤᠭᠰᠠᠨ ᠬᠦᠢᠲᠡᠨ ᠬᠥᠯᠡᠮᠵᠢ ᠨᠢ ᠲᠣᠰ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ᠃ | ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠬᠠᠭᠤᠴᠢᠨ ᠳᠤᠯᠠᠭᠠᠨ ᠬᠦᠯᠡᠮᠵᠢ ᠶᠢ | ᠬᠡᠪᠴᠢᠶᠡᠵᠢᠭᠦᠯᠦᠨ ᠨᠤᠷᠠᠭᠠᠵᠤ ᠳᠠᠬᠢᠨ ᠪᠠᠶᠢᠭᠤᠯᠬᠤ ᠳᠤ᠂ ᠨᠤᠷᠠᠭᠠᠵᠤ ᠳᠠᠬᠢᠨ ᠪᠠᠶᠢᠭᠤᠯᠤᠭᠰᠠᠨ ᠳᠤᠯᠠᠭᠠᠨ | ᠬᠦᠯᠡᠮᠵᠢ ᠶᠢᠨ ᠥᠮᠴᠢᠯᠡᠬᠦ ᠡᠷᠬᠡ᠂ ᠬᠡᠷᠡᠭᠯᠡᠬᠦ ᠡᠷᠬᠡ ᠶᠢ ᠲᠣᠳᠣᠷᠬᠠᠶ ᠬᠡᠷᠡᠭᠲᠡᠶ᠃ ᠥᠮᠴᠢᠯᠡᠬᠦ ᠡᠷᠬᠡ ᠨᠢ ᠬᠠᠮᠲᠤ | ᠨᠡᠶᠢᠲᠡ ᠶᠢᠨ᠂ ᠬᠤᠪᠢ ᠬᠥᠮᠦᠨ ᠳᠠᠭᠠᠭᠠᠴᠢᠯᠠᠨ ᠬᠡᠷᠡᠭᠯᠡᠭᠰᠡᠨ ᠪᠠᠶᠢᠪᠠᠯ᠂ ᠳᠠᠭᠠᠭᠠᠴᠢᠯᠠᠯᠲᠠ ᠶᠢᠨ ᠵᠠᠷᠤᠳᠠᠯ ᠢᠶᠠᠨ | ᠲᠤᠰᠢᠶᠠᠬᠤ ᠬᠡᠷᠡᠭᠲᠡᠢ︔ ᠥᠮᠴᠢᠯᠡᠬᠦ ᠡᠷᠬᠡ ᠨᠢ ᠬᠤᠪᠢ ᠬᠥᠮᠦᠨ ᠤ ᠪᠠᠶᠢᠪᠠᠯ᠂ ᠲᠦᠬᠦᠭᠡᠷᠦᠮᠵᠢᠲᠦ ᠲᠠᠷᠢᠶᠠᠯᠠᠩ ᠤᠨ | ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢᠨ ᠡᠷᠭᠢᠯᠲᠡ ᠶᠢᠨ ᠵᠠᠷᠤᠳᠠᠯ ᠢ ᠢᠯᠭᠠᠷᠠᠭᠤᠯᠤᠨ ᠪᠤᠳᠤᠬᠤ ᠬᠡᠷᠡᠭᠲᠡᠶ᠃ | ︵ᠬᠤᠶᠠᠷ︶᠂ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠳᠡᠭᠡᠭᠰᠢᠯᠡᠯᠲᠡ ᠶᠢ ᠶᠡᠬᠡᠪᠡᠷ | ᠠᠬᠢᠭᠤᠯᠤᠨ᠎ᠠ᠃ ᠬᠦᠷᠢᠶᠡᠯᠡᠩ ᠲᠣᠭᠤᠷᠢᠭ ᠢᠶᠠᠷ ᠨᠢᠭᠡᠴᠢ ᠪᠣᠯᠭᠠᠵᠤ᠂ 2025 ᠣᠨ ᠳᠤ ᠥᠭᠡᠷᠡᠴᠢᠯᠡᠨ | ᠳᠡᠭᠡᠭᠰᠢᠯᠡᠭᠦᠯᠥᠭᠰᠡᠨ ᠳᠤᠯᠠᠭᠠᠨ ᠬᠥᠯᠡᠮᠵᠢ ︵ᠥᠭᠡᠷᠡᠴᠢᠯᠡᠨ ᠰᠢᠨᠡᠳᠬᠡᠬᠦ ᠲᠥᠷᠥᠯ ᠵᠥᠢᠯ ᠨᠢ ᠪᠦᠬᠦᠯᠢ ᠬᠥᠯᠡᠮᠵᠢ ᠶᠢᠨ | ᠨᠢᠷᠤᠭᠤ ᠶᠢ ᠰᠣᠯᠢᠬᠤ᠂ ᠬᠡᠷᠡᠮ ᠢ ᠪᠠᠬᠢᠵᠢᠭᠦᠯᠬᠦ᠂ ᠬᠥᠪᠥᠩ ᠬᠤᠴᠢᠯᠭ᠎ᠠ ᠶᠢ ᠨᠢ ᠰᠣᠯᠢᠬᠤ᠂ ᠣᠶᠤᠨᠴᠢ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠲᠥᠬᠦᠭᠡᠷᠦᠮᠵᠢ ᠨᠡᠮᠡᠬᠦ᠂ ᠣᠷᠴᠢᠨ ᠲᠣᠭᠤᠷᠢᠨ ᠤ ᠣᠶᠤᠨᠴᠢ ᠡᠵᠡᠮᠰᠢᠯ ᠤᠨ | ᠰᠢᠰᠲ᠋ᠧᠮ ᠨᠡᠮᠡᠬᠦ ᠪᠣᠶᠤ ᠳᠡᠰ ᠳᠡᠪᠰᠢᠭᠦᠯᠬᠦ ᠵᠡᠷᠭᠡ 5 ᠵᠥᠢᠯ ᠤᠨ ᠳᠣᠲᠤᠷ᠎ᠠ ᠠᠴᠠ ᠨᠠᠭᠠᠳᠤ ᠵᠠᠬ᠎ᠠ ᠳᠠᠭᠠᠨ 2 | ᠵᠥᠢᠯ ᠢ ᠰᠣᠩᠭᠤᠨ᠎ᠠ︶ ᠶᠡᠷᠦᠩᠬᠡᠶᠢᠯᠡᠨ ᠡᠵᠡᠯᠡᠭᠰᠡᠨ ᠭᠠᠵᠠᠷ ᠤᠨ ᠬᠡᠰᠡᠭ ᠨᠢ 100 ᠮᠦ ᠠᠴᠠ ᠳᠡᠭᠡᠭᠰᠢ ᠪᠠᠶᠢᠬᠤ | ᠮᠥᠷᠲᠡᠭᠡᠨ ᠭᠠᠭᠴᠠ ᠬᠦᠯᠡᠮᠵᠢ ᠶᠢᠨ ᠳᠣᠲᠣᠷ᠎ᠠ ᠮᠧᠳ᠋ᠷ ᠤᠷᠲᠤᠳᠬᠠᠨ ᠥᠭᠡᠷᠡᠴᠢᠯᠡᠬᠦ ᠪᠥᠷᠢ ᠥᠪᠡᠷ ᠤᠨ ᠥᠷᠲᠡᠭ ᠨᠢ | 300 ᠲᠥᠭᠦᠷᠢᠭ ᠠᠴᠠ ᠳᠤᠤᠷ᠎ᠠ ᠦᠭᠡᠶ ᠪᠣᠯ ᠤᠷᠲᠤᠳᠬᠠᠭᠰᠠᠨ ᠮᠧᠳ᠋ᠷ ᠪᠦᠷᠢ ᠳᠤ 150 ᠲᠥᠭᠦᠷᠢᠭ | ᠨᠥᠬᠦᠪᠥᠷᠢᠯᠡᠨ᠎ᠡ᠃ | ︵ᠭᠤᠷᠪᠠ ︶ ᠲᠥᠷᠥ ᠶᠢᠨ ᠪᠣᠳᠣᠯᠭ᠎ᠠ ᠶᠢᠨ ᠳᠠᠪᠬᠤᠴᠠᠭᠰᠠᠨ ᠦᠢᠯᠡᠳᠦᠯ ᠢ ᠪᠠᠳᠠᠷᠠᠭᠤᠯᠤᠨ᠎ᠠ᠃ 2025 | ᠣᠨ ᠳᠤ ᠰᠢᠨ᠎ᠡ ᠪᠠᠷ ᠪᠠᠶᠢᠭᠤᠯᠤᠭᠰᠠᠨ ︵ᠨᠤᠷᠠᠭᠠᠵᠤ ᠳᠠᠬᠢᠨ ᠪᠠᠶᠢᠭᠤᠯᠤᠭᠰᠠᠨ ᠢ ᠪᠠᠭᠲᠠᠭᠠᠨ᠎ᠠ︶ | ᠬᠡᠪᠴᠢᠶᠡᠵᠢᠭᠦᠯᠦᠭᠰᠡᠨ ᠨᠡᠷᠡᠨ ᠤ ᠭᠡᠷᠡᠯ ᠤᠨ ᠳᠤᠯᠠᠭᠠᠨ ᠬᠦᠯᠡᠮᠵᠢ᠂ ᠥᠭᠡᠷᠡᠴᠢᠯᠡᠨ ᠵᠠᠰᠠᠵᠤ ᠳᠡᠭᠡᠭᠰᠢᠯᠡᠭᠦᠯᠥᠭᠰᠡᠨ | ᠬᠡᠪᠴᠢᠶᠡᠵᠢᠭᠦᠯᠦᠭᠰᠡᠨ ᠨᠡᠷᠡᠨ ᠤ ᠭᠡᠷᠡᠯ ᠤᠨ ᠳᠤᠯᠠᠭᠠᠨ ᠬᠦᠯᠡᠮᠵᠢ᠂ ᠰᠢᠨ᠎ᠡ ᠪᠠᠷ ᠪᠠᠶᠢᠭᠤᠯᠤᠭᠰᠠᠨ | ᠬᠡᠪᠴᠢᠶᠡᠵᠢᠭᠦᠯᠥᠭᠰᠡᠨ ᠬᠥᠢᠲᠡᠨ ᠬᠦᠯᠡᠮᠵᠢ ᠶᠢᠨ ᠳᠡᠳᠬᠦᠬᠦ ᠲᠥᠷᠥ ᠶᠢᠨ ᠪᠣᠳᠤᠯᠭ᠎ᠠ ᠳᠤ᠂ ᠥᠪᠡᠷᠲᠡᠭᠡᠨ ᠵᠠᠰᠠᠬᠤ | ᠣᠷᠣᠨ᠂ ᠤᠯᠠᠭᠠᠨᠬᠠᠳᠠ ᠬᠤᠲᠠ ᠶᠢᠨ ᠲᠦᠬᠦᠭᠡᠷᠦᠮᠵᠢᠲᠦ ᠲᠠᠷᠢᠶᠠᠯᠠᠩ ᠤᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠲᠠᠢ ᠳᠠᠪᠬᠤᠴᠠᠭᠤᠯᠤᠨ ᠬᠡᠷᠡᠭᠯᠡᠵᠦ ᠪᠣᠯᠤᠨ᠎ᠠ︔ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ | ᠬᠤᠲᠠ ᠶᠢᠨ ᠨᠥᠬᠦᠪᠥᠷᠢ ᠶᠢ ᠭᠤᠶᠤᠴᠢᠯᠠᠬᠤ ᠲᠠᠰ ᠳᠠᠷᠠᠭᠠᠯᠠᠯ ᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ | ᠬᠤᠲᠠ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠦᠬᠦᠭᠡᠷᠦᠮᠵᠢᠲᠦ | ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠳᠦᠯᠲᠡᠶ ᠲᠥᠯᠥᠪᠯᠡᠨ ᠰᠦᠪᠡᠭᠴᠢᠯᠡᠵᠦ᠂ ᠵᠣᠬᠢᠴᠠᠭᠤᠯᠤᠨ ᠠᠬᠢᠭᠤᠯᠵᠤ᠂ | ᠨᠡᠶᠢᠭᠡᠮ ᠤᠨ ᠬᠥᠷᠥᠩᠭᠡ ᠶᠢᠨ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠱᠠᠩᠨᠠᠵᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠪᠠᠯᠭᠠᠰᠤ ᠰᠢᠶᠠᠩ ᠤᠨ | ᠵᠠᠰᠠᠭ ᠤᠨ ᠣᠷᠳᠣᠨ ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠬᠦᠰᠡᠯ ᠰᠠᠨᠠᠭ᠎ᠠ ᠶᠢ ᠲᠣᠳᠣᠷᠬᠠᠶᠢᠯᠠᠵᠤ᠂ | ᠰᠢᠨ᠎ᠡ ᠪᠠᠷ ᠪᠠᠶᠢᠭᠤᠯᠬᠤ ᠥᠭᠡᠷᠡᠴᠢᠯᠡᠨ ᠪᠠᠶᠢᠭᠤᠯᠬᠤ ᠲᠥᠰᠦᠯ ᠢ ᠲᠣᠭᠲᠠᠭᠠᠬᠤ ᠶᠢᠨ ᠬᠠᠮᠲᠤ ᠲᠥᠰᠦᠪ ᠪᠠ | ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠬᠥᠭᠵᠢᠭᠦᠯᠦᠯᠲᠡ ᠥᠭᠡᠷᠡᠴᠢᠯᠡᠯᠲᠡ | ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ ᠵᠡᠷᠭᠡ | ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠬᠦᠭᠡᠷᠦᠮᠵᠢᠲᠦ ᠲᠠᠷᠢᠶᠠᠯᠠᠩ ᠤᠨ | ᠬᠥᠭᠵᠢᠯᠲᠡ ᠶᠢᠨ ᠴᠢᠬᠤᠯᠠ ᠠᠰᠠᠭᠤᠳᠠᠯ᠂ ᠬᠦᠴᠢᠷ ᠠᠰᠠᠭᠤᠳᠠᠯ ᠪᠠ ᠵᠠᠩᠭᠢᠯᠠᠭ᠎ᠠ ᠶᠢᠨ ᠠᠰᠠᠭᠤᠳᠠᠯ ᠤᠨ | ᠲᠣᠭᠤᠷᠢᠨ ᠳᠤ᠂ ᠵᠣᠬᠢᠴᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠥᠷᠥᠯ ᠵᠦᠢᠯ ᠢ ᠲᠥᠯᠥᠪᠵᠢᠭᠦᠯᠬᠦ᠂ | ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠪᠥᠲᠥᠭᠡᠨ ᠪᠠᠶᠢᠭᠤᠯᠬᠤ | ᠪᠠ ᠰᠢᠯᠭᠠᠨ ᠠᠪᠬᠤ ᠵᠡᠷᠭᠡ ᠠᠵᠢᠯ ᠢ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ︶ ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠵᠦᠢᠯ ᠢ | ᠬᠡᠷᠡᠭᠵᠢᠭᠦᠯᠬᠦ ᠠᠴᠠ ᠡᠮᠦᠨ᠎ᠡ᠂ ᠪᠠᠯᠭᠠᠰᠤ ᠰᠢᠶᠠᠩ ᠤᠨ ᠵᠠᠰᠠᠭ ᠤᠨ ᠣᠷᠳᠣᠨ ᠭᠠᠵᠠᠷ ᠰᠢᠷᠣᠶ ᠶᠢ ᠡᠷᠭᠢᠯᠲᠡ ᠳᠤ | ᠣᠷᠣᠭᠤᠯᠬᠤ᠂ ᠪᠡᠯᠡᠳᠬᠡᠮᠵᠢ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠬᠦ ᠠᠵᠢᠯ ᠢ ᠰᠠᠶᠢᠲᠤᠷ ᠬᠢᠵᠦ᠂ | ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ︵ᠬᠤᠷᠰᠢᠶ᠎ᠠ ᠪᠤᠶᠤ ᠲᠠᠷᠢᠶᠠᠴᠢᠨ ᠡᠷᠦᠬᠡ︶ ᠶᠢ | ᠲᠣᠳᠤᠷᠬᠠᠶᠢᠯᠠᠬᠤ ᠵᠡᠷᠭᠡ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠰᠠᠶᠢᠲᠤᠷ ᠬᠢᠵᠦ᠂ ᠡᠯ᠎ᠡ ᠪᠠᠯᠭᠠᠰᠤ | ᠰᠢᠶᠠᠩ ᠨᠢ ᠰᠢᠨ᠎ᠡ ᠪᠠᠷ ᠪᠠᠶᠢᠭᠤᠯᠬᠤ ᠥᠭᠡᠷᠡᠴᠢᠯᠡᠯᠲᠡ ᠶᠢᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ ᠢᠶᠠᠨ | ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠠᠴᠠ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠭᠦᠢᠴᠡᠳᠬᠡᠭᠰᠡᠨ ᠪᠠᠶᠢᠳᠠᠯ᠂ ᠬᠡᠷᠡᠭᠵᠢᠭᠦᠯᠵᠦ ᠪᠣᠯᠬᠤ | ᠪᠣᠯᠪᠠᠰᠤᠷᠠᠩᠭᠤᠶ ᠶᠢᠨ ᠬᠡᠮᠵᠢᠶ᠎ᠡ ᠶᠢ ᠥᠨᠳᠥᠰᠥᠯᠡᠵᠦ᠂ ᠵᠥᠪᠰᠢᠶᠡᠷᠡᠭᠰᠡᠨ ᠤ ᠳᠠᠷᠠᠭ᠎ᠠ ᠬᠡᠷᠡᠭᠵᠢᠭᠦᠯᠵᠦ ᠪᠣᠯᠤᠨ᠎ᠠ᠃ | ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠪᠠᠯᠭᠠᠰᠤ ᠰᠢᠶᠠᠩ ᠤᠨ ᠵᠠᠰᠠᠭ ᠤᠨ ᠣᠷᠳᠣᠨ ᠠᠩᠬ᠎ᠠ ᠰᠢᠯᠭᠠᠨ | ᠠᠪᠬᠤ ᠶᠢ ᠵᠣᠬᠢᠶᠠᠨ ᠪᠠᠶᠢᠭᠤᠯᠵᠤ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ | ᠬᠠᠮᠲᠤᠷᠠᠨ ᠰᠢᠯᠭᠠᠨ ᠠᠪᠤᠨ᠎ᠠ᠃ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠨᠥᠬᠦᠪᠥᠷᠢ ᠥᠭᠭᠦᠨ᠎ᠡ᠃ | ︵ᠳᠥᠷᠪᠡ︶ ᠲᠣᠰ ᠨᠥᠬᠦᠪᠥᠷᠢ ᠶᠢᠨ ᠠᠷᠭ᠎ᠠ ᠬᠡᠮᠵᠢᠶ᠎ᠡ ᠨᠢ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢ | ᠥᠭᠬᠦ᠂ ᠱᠠᠩᠨᠠᠬᠤ ᠪᠠᠷ ᠨᠥᠬᠦᠪᠥᠷᠢ ᠥᠭᠬᠦ ᠶᠢ ᠣᠷᠣᠯᠠᠭᠤᠯᠬᠤ︾ ᠠᠷᠭ᠎ᠠ ᠮᠠᠶ᠋ᠢᠭ ᠢ ᠠᠪᠴᠤ᠂ ᠬᠡᠷᠡᠭᠵᠢᠭᠦᠯᠬᠦ | ᠬᠤᠭᠤᠴᠠᠭ᠎ᠠ ᠶᠢ ᠲᠦᠷ ᠴᠠᠭ 1 ᠵᠢᠯ ︵2025 ᠣᠨ ᠤ ᠡᠴᠦᠰ ᠪᠣᠯᠲᠠᠯ᠎ᠠ︶ ᠢᠶᠠᠷ ᠲᠣᠭᠲᠠᠵᠤ᠂ ᠲᠠᠷᠠᠭᠠᠴᠢ ᠶᠢᠨ | ᠲᠥᠷᠥ ᠶᠢᠨ ᠪᠣᠳᠣᠯᠭ᠎ᠠ ᠶᠢ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠪᠠᠶᠢᠳᠠᠯ᠂ ᠪᠠᠯᠠ ᠮᠥᠩᠭᠦ ᠶᠢᠨ | ᠬᠡᠪᠴᠢᠶᠡᠨ ᠤ ᠪᠠᠶᠢᠳᠠᠯ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠲᠥᠷᠥ ᠶᠢᠨ | ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠲᠣᠭᠤᠷᠢᠭ ᠤᠨ ᠵᠠᠰᠠᠭ ᠤᠨ ᠣᠷᠳᠣᠨ ᠠᠴᠠ | ᠦᠷᠭᠦᠯᠵᠢᠯᠡᠨ ᠬᠡᠷᠡᠭᠵᠢᠭᠦᠯᠬᠦ ᠡᠰᠡᠬᠦ ᠶᠢ ᠲᠣᠭᠲᠠᠭᠠᠨ᠎ᠠ᠃ | |