4 ᠳ᠋ᠦ᠋ᠭᠡᠷ ᠰᠠᠷ᠎ᠠ ᠶᠢᠨ 22 ᠤᠨ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠵᠤ | ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠵᠤᠷᠭᠠᠨ ᠤ ᠳᠡᠳ᠋ ᠳᠠᠷᠤᠭ᠎ᠠ ᠯᠢ ᠶᠠᠩ ᠪᠦᠯᠬᠦᠮ ᠳᠠᠭᠠᠭᠤᠯᠤᠨ ᠮᠠᠨ ᠤ | ᠲᠣᠭᠤᠷᠢᠭ ᠲᠤ ᠢᠷᠡᠵᠦ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠠᠵᠢᠯ ᠢ ᠪᠠᠶᠢᠴᠠᠭᠠᠨ | ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠰᠢᠶᠤᠤ ᠶᠠᠨ᠂ ᠤᠯᠠᠭᠠᠨᠬᠠᠳᠠ ᠬᠤᠲᠠ ᠶᠢᠨ | ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠼᠠᠢ ᠢᠦᠶ ᠴᠧᠩ᠂ | ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ | ᠳᠠᠷᠤᠭ᠎ᠠ ᠵᠠᠩ ᡁᠢ ᠸᠧᠶ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠶ ᠵᠢᠴᠢ ᠥᠪᠡᠷᠲᠡᠭᠡᠨ | ᠵᠠᠰᠠᠬᠤ ᠣᠷᠣᠨ᠂ ᠬᠤᠲᠠ᠂ ᠲᠣᠭᠤᠷᠢᠭ ᠭᠤᠷᠪᠠᠨ ᠱᠠᠲᠤᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ | ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ | ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠲᠣᠭᠤᠷᠢᠭ ᠤᠨ ᠣᠶᠢᠷ᠎ᠠ ᠶᠢᠨ ᠵᠢᠯ ᠤᠨ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠶᠤᠸᠠᠨ ᠪᠦᠦ ᠱᠠᠨ ᠲᠣᠭᠤᠷᠢᠭ ᠨᠢ | ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠠ ᠠᠵᠤ | ᠦᠢᠯᠡᠳᠪᠦᠷᠢ ᠶᠢᠨ ᠴᠢᠬᠤᠯᠠ ᠪᠠᠯᠭᠠᠰᠤ ᠪᠣᠯᠤᠭᠰᠠᠨ ᠤ ᠬᠤᠪᠢ ᠳᠤ᠂ ᠣᠷᠣᠨ ᠪᠦᠰᠡ ᠶᠢᠨ ᠳᠠᠪᠠᠭᠤᠯᠢᠭ ᠪᠠ ᠠᠵᠤ | ᠦᠢᠯᠡᠰ ᠤᠨ ᠣᠨᠴᠠᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠪᠥᠬᠦ ᠠᠵᠤ ᠦᠢᠯᠡᠰ ᠤᠨ ᠬᠡᠯᠬᠢᠶᠡᠨ ᠤ ᠠᠵᠤ | ᠦᠢᠯᠡᠰ ᠤᠨ ᠬᠥᠭᠵᠢᠯᠲᠡ ᠶᠢᠨ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠤ | ᠦᠢᠯᠡᠳᠪᠦᠷᠢ ᠶᠢᠨ ᠠᠵᠤ ᠠᠬᠤᠶ ᠶᠢᠨ ᠨᠡᠮᠡᠭᠳᠡᠯ ᠤᠨ ᠰᠠᠶᠢᠨ ᠬᠠᠨᠳᠤᠰᠢ ᠶᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ︔ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠠᠵᠤ ᠠᠬᠤᠶᠢᠯᠠᠯ ᠲᠠᠢ ᠨᠢᠭᠲᠠ ᠬᠠᠷᠢᠯᠴᠠᠵᠤ᠂ ᠠᠵᠤ | ᠠᠬᠤᠶᠢᠯᠠᠯ ᠳᠤ ᠦᠢᠯᠡᠴᠢᠯᠡᠨ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ | ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠠᠬᠤᠶ ᠶᠢᠨ | ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ︔ | ᠡᠭᠦᠨ ᠤ ᠬᠠᠮᠲᠤ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ | ᠂ ᠣᠳᠣᠬᠠᠨ ᠤ ᠬᠡᠯᠪᠡᠷᠢ ᠪᠠᠨ ᠬᠤᠪᠢᠷᠠᠭᠤᠯᠬᠤ ᠠᠵᠠ ᠲᠣᠬᠢᠶᠠᠯ ᠢ ᠡᠵᠡᠮᠳᠡᠨ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠲᠠᠰ ᠳᠡᠪᠰᠢᠬᠦ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠢᠨᠠᠷ | ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ ᠭᠡᠵᠦ | ᠵᠣᠷᠢᠭᠵᠢᠭᠤᠯᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠫᠢᠩᠵᠤᠸᠠᠩ ᠨᠡᠭᠦᠷᠡᠰᠦᠨ ᠤ ᠦᠢᠯᠡᠰ ᠤᠨ | ᠶᠡᠷᠦᠩᠬᠡᠢ ᠬᠡᠯᠲᠡᠰ᠂ ᠶᠤᠸᠠᠨ ᠪᠦᠦ ᠱᠠᠨ ᠤ ᠵᠠᠳᠠᠭᠠᠢ ᠨᠡᠭᠦᠷᠡᠰᠦᠨ ᠠᠭᠤᠷᠬᠠᠢ᠂ ᠶᠤᠸᠠᠨ ᠪᠤᠤ ᠱᠠᠨ ᠤ ᠠᠵᠤ | ᠦᠢᠯᠡᠰ ᠤᠨ ᠬᠦᠷᠢᠶᠡᠯᠡᠩ᠂ ᠶᠤᠸᠠᠨ ᠵᠢᠩ ᠨᠡᠭᠦᠷᠡᠰᠦᠲᠥ᠋ᠷᠥᠭᠴᠢ ᠦᠭᠡᠢ ᠮᠡᠷᠭᠡᠵᠢᠯ ︵ᠤᠯᠠᠭᠠᠨᠬᠠᠳᠠ︶ ᠤᠨ | ᠬᠢᠵᠠᠭᠠᠷᠲᠤ ᠺᠣᠮᠫᠠᠨᠢ᠂ ᠯᠢ ᠠᠨ ᠯᠦᠩ ︵ᠥᠪᠥᠷ ᠮᠣᠩᠭᠤᠯ︶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ | ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠯᠤᠰ ᠬᠡᠲᠦ ᠶᠢᠨ ᠲᠥᠯᠥᠪᠵᠢᠭᠦᠯᠭᠡ᠂ | ᠦᠢᠯᠡᠳᠬᠦᠨ ᠤ ᠰᠤᠳᠤᠯᠤᠨ ᠨᠡᠭᠡᠭᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ | ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ | |