ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ᠄ ᠶᠤᠸᠠᠨ ᠪᠦᠦ ᠱᠠᠨ ᠲᠣᠭᠤᠷᠢᠭ ᠤᠨ | ᠲᠥᠬᠦᠭᠡᠷᠦᠮᠵᠢᠲᠦ ᠲᠠᠷᠢᠶᠠᠯᠠᠩ ᠤᠨ ᠬᠡᠪᠴᠢᠶ᠎ᠡ ᠶᠢ ᠥᠷᠭᠡᠳᠬᠡᠵᠦ᠂ ᠬᠠᠭᠤᠴᠢᠨ ᠬᠦᠯᠡᠮᠵᠢ ᠶᠢᠨ ᠬᠠᠲᠠᠭᠤ | ᠬᠡᠷᠡᠭᠰᠡᠯ ᠤᠨ ᠲᠥᠬᠦᠭᠡᠷᠦᠮᠵᠢ ᠶᠢ ᠰᠢᠨᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠭᠰᠠᠨ ᠣᠲᠣ | ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠤᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ | ᠲᠥᠷᠥ ᠶᠢᠨ ᠪᠣᠳᠣᠯᠭ᠎ᠠ ᠨᠡᠶᠢᠲᠡᠯᠡᠭᠰᠡᠨ ᠦᠨᠳᠦᠰᠦᠯᠡᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ︽ᠲᠥᠬᠦᠭᠡᠷᠦᠮᠵᠢᠲᠦ ᠲᠠᠷᠢᠶᠠᠯᠠᠩ᠂ ᠲᠥᠬᠦᠭᠡᠷᠦᠮᠵᠢᠲᠦ ᠮᠠᠯ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠠᠷᠭ᠎ᠠ | ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ 2024 ﹈ 4 ᠳ᠋ᠣᠭᠡᠷ | ᠲᠣᠭᠠᠲᠤ︶᠂ ᠤᠯᠠᠭᠠᠨᠬᠠᠳᠠ ᠬᠤᠲᠠ ᠶᠢᠨ ︽ᠤᠯᠠᠭᠠᠨᠬᠠᠳᠠ ᠬᠤᠲᠠ ᠶᠢᠨ ᠣᠳᠣ ᠦᠶ᠎ᠡ ᠶᠢᠨ ᠲᠥᠬᠦᠭᠡᠷᠦᠮᠵᠢᠲᠦ | ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠲᠤᠬᠠᠢ ᠠᠷᠪᠠᠨ ᠵᠦᠢᠯ ᠤᠨ ᠠᠷᠭ᠎ᠠ ᠬᠡᠮᠵᠢᠶ᠎ᠡ ︵ᠲᠤᠷᠰᠢᠨ | ᠬᠡᠷᠡᠭᠵᠢᠭᠦᠯᠬᠦ︶︾ ︵ᠤᠯᠠᠭᠠᠨᠬᠠᠳᠠ ᠵᠠᠰᠠᠭ ᠲᠠᠷᠬᠠᠭᠠᠭᠰᠠᠨ ﹇ 2024 ﹈ 15 ᠳ᠋ᠤᠭᠠᠷ ᠲᠣᠭᠠᠲᠤ︶᠃ | ᠲᠥᠷᠥ ᠶᠢᠨ ᠪᠣᠳᠣᠯᠭ᠎ᠠ ᠶᠢᠨ ᠨᠥᠬᠦᠪᠥᠷᠢ ᠥᠭᠬᠦ ᠪᠠᠷᠢᠮᠵᠢᠶ᠎ᠠ᠄ 2025 ᠣᠨ ᠳᠤ ᠰᠢᠨ᠎ᠡ ᠪᠠᠷ ᠪᠠᠶᠢᠭᠤᠯᠤᠭᠰᠠᠨ | ︵ᠨᠤᠷᠠᠭᠠᠵᠤ ᠳᠠᠬᠢᠨ ᠪᠠᠶᠢᠭᠤᠯᠤᠭᠰᠠᠨ ᠢ ᠪᠠᠭᠲᠠᠭᠠᠨ᠎ᠠ︶ ᠲᠥᠪᠯᠡᠷᠡᠭᠦᠯᠦᠨ ᠵᠠᠯᠭᠠᠯᠳᠤᠭᠤᠯᠤᠭᠰᠠᠨ ᠳᠤᠯᠠᠭᠠᠨ ᠬᠦᠯᠡᠮᠵᠢ | ᠂ ᠲᠠᠩ ᠴᠣᠭᠴᠠᠲᠤ ᠳᠤᠯᠠᠭᠠᠨ ᠬᠦᠯᠡᠮᠵᠢ ᠶᠢᠨ ᠪᠠᠷᠢᠮᠵᠢᠶ᠎ᠠ ᠳᠤ ᠨᠡᠶᠢᠴᠡᠭᠰᠡᠨ ︵ᠰᠠᠷᠠᠪᠴᠢ ᠶᠢᠨ ᠥᠷᠭᠡᠨ ᠨᠢ 10 | ᠮᠧᠲᠷ ᠠᠴᠠ ᠳᠡᠭᠡᠭᠰᠢ᠂ ᠰᠠᠷᠠᠪᠴᠢ ᠶᠢᠨ ᠨᠢᠷᠤᠭᠤᠨ ᠤ ᠥᠨᠳᠥᠷ ᠨᠢ 4.5 ᠮᠧᠲᠷ ᠠᠴᠠ ᠳᠡᠭᠡᠭᠰᠢ᠂ ᠣᠶᠤᠨᠴᠢ ᠤᠰᠤ | ᠪᠣᠷᠳᠣᠭᠤᠷ ᠢ ᠨᠢᠭᠡ ᠴᠣᠭᠴᠠᠵᠢᠭᠤᠯᠤᠭᠰᠠᠨ᠂ ᠠᠦ᠋ᠲ᠋ᠣ᠋ ᠣᠷᠬᠢᠴᠠ ᠵᠡᠷᠭᠡ ᠣᠷᠴᠢᠨ ᠲᠣᠭᠤᠷᠢᠨ ᠤ ᠣᠶᠤᠨᠴᠢ | ᠡᠵᠡᠮᠰᠢᠯ ᠤᠨ ᠰᠢᠰᠲ᠋ᠧᠮ ᠤᠨ ᠢᠵᠢ ᠪᠦᠷᠢᠳᠦᠭᠦᠯᠬᠦ ᠲᠥᠬᠦᠭᠡᠷᠥᠮᠵᠢ ᠪᠦᠷᠢᠨ ᠭᠦᠢᠴᠡᠳ ᠪᠠᠶᠢᠵᠤ᠂ ᠰᠠᠷᠠᠪᠴᠢ ᠶᠢᠨ | ᠳᠣᠲᠣᠷᠠᠬᠢ ᠠᠵᠤ ᠠᠬᠤᠶ ᠶᠢᠨ ᠲᠠᠷᠢᠮᠠᠯ ᠨᠢ ᠪᠦᠬᠦᠯᠢ ᠵᠢᠯ ︵ᠵᠢᠯ ᠤᠨ ᠳᠥᠷᠪᠡᠨ ᠤᠯᠠᠷᠢᠯ︶ ᠳᠤ ᠲᠠᠷᠢᠵᠦ | ᠥᠢᠯᠡᠳᠪᠥᠷᠢᠯᠡᠬᠦ ᠶᠢ ᠬᠠᠩᠭᠠᠬᠤ︶᠂ ᠶᠡᠷᠦᠩᠬᠡᠶᠢᠯᠡᠭᠰᠡᠨ ᠭᠠᠵᠠᠷ ᠡᠵᠡᠯᠡᠭᠰᠡᠨ ᠲᠠᠯᠠᠪᠠᠶ ᠨᠢ 200 - 500 ᠮᠥ ᠠᠴᠠ | ᠳᠡᠭᠡᠭᠰᠢ ᠪᠠᠶᠢᠪᠠᠯ᠂ ᠬᠦᠯᠡᠮᠵᠢ ᠶᠢᠨ ᠲᠤᠲᠤᠷ ᠬᠠᠨ᠎ᠠ ᠨᠢ ᠮᠧᠲᠷ ᠤᠷᠲᠤᠰᠬᠤ ᠪᠥᠷᠢ 400 ᠲᠥᠭᠦᠷᠢᠭ ᠤᠨ | ᠨᠥᠬᠦᠪᠥᠷᠢ ᠥᠭᠭᠦᠨ᠎ᠡ︔ ᠶᠡᠷᠦᠩᠬᠡᠶᠢᠯᠡᠭᠰᠡᠨ ᠭᠠᠵᠠᠷ ᠡᠵᠡᠯᠡᠭᠰᠡᠨ ᠬᠡᠪᠴᠢᠶ᠎ᠡ ᠨᠢ 500 ᠮᠥ ᠠᠴᠠ ᠳᠡᠭᠡᠭᠰᠢ ᠪᠠᠶᠢᠪᠠᠯ᠂ | ᠬᠦᠯᠡᠮᠵᠢ ᠶᠢᠨ ᠲᠤᠲᠤᠷ ᠬᠠᠨ᠎ᠠ ᠨᠢ ᠮᠧᠲᠷ ᠤᠷᠲᠤᠰᠬᠤ ᠪᠥᠷᠢ 600 ᠲᠥᠭᠦᠷᠢᠭ ᠤᠨ ᠨᠥᠬᠦᠪᠥᠷᠢ ᠥᠭᠭᠦᠨ᠎ᠡ᠃ | ᠰᠢᠨ᠎ᠡ ᠪᠠᠷ ᠪᠠᠶᠢᠭᠤᠯᠤᠭᠰᠠᠨ ᠰᠦᠯᠢᠶᠣᠤ ᠫᠧᠩ ︵ᠬᠦᠢᠲᠡᠨ ᠫᠧᠩ︶ 200-500 ᠮᠦ ᠲᠥᠪᠯᠡᠷᠡᠨ | ᠵᠠᠯᠭᠠᠯᠳᠤᠭᠰᠠᠨ ᠪᠠᠶᠢᠪᠠᠯ᠂ ᠫᠧᠩ ᠤᠨ ᠳᠣᠲᠣᠷᠠᠬᠢ ᠲᠠᠯᠠᠪᠠᠶ ᠪᠠᠷ ᠨᠢ ᠮᠦ ᠪᠦᠷᠢ ᠳᠤ 2000 ᠲᠥᠭᠦᠷᠢᠭ ᠤᠨ | ᠨᠥᠬᠦᠪᠥᠷᠢ ᠥᠭᠴᠦ᠂ 500 ᠮᠦ ᠠᠴᠠ ᠳᠡᠭᠡᠭᠰᠢᠬᠢ ᠶᠢ ᠨᠢ ᠫᠧᠩ ᠤᠨ ᠳᠣᠲᠣᠷᠠᠬᠢ ᠲᠠᠯᠠᠪᠠᠶ ᠪᠠᠷ ᠨᠢ ᠮᠦ ᠪᠦᠷᠢ ᠳᠤ | 3000 ᠲᠥᠭᠦᠷᠢᠭ ᠤᠨ ᠨᠥᠬᠦᠪᠥᠷᠢ ᠥᠭᠭᠦᠨ᠎ᠡ᠃ | ᠰᠢᠨ᠎ᠡ ᠪᠠᠷ ᠪᠠᠶᠢᠭᠤᠯᠤᠭᠰᠠᠨ ᠬᠦᠷᠢᠶᠡᠯᠡᠩ ᠲᠣᠭᠤᠷᠢᠭ ᠤᠨ ᠤᠰᠤ ᠴᠠᠬᠢᠯᠭᠠᠨ ᠤ ᠵᠠᠮ ᠵᠡᠷᠭᠡ ᠢᠵᠢ | ᠪᠦᠷᠢᠳᠦᠭᠦᠯᠬᠦ ᠵᠦᠢᠯ ᠳᠤ ︽ᠨᠢᠭᠡ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠨᠥᠬᠦᠪᠥᠷᠢ ᠥᠭᠭᠦᠨ᠎ᠡ᠃ | ᠳᠤᠯᠠᠭᠠᠨ ᠫᠧᠩ ᠤᠨ ᠭᠡᠷᠡᠯ ᠳᠤᠰᠬᠤ ᠲᠠᠰᠤᠯᠭ᠎ᠠ ᠳᠤ ᠪᠠᠶᠢᠭᠤᠯᠤᠭᠰᠠᠨ ᠬᠦᠢᠲᠡᠨ ᠫᠧᠩ ᠲᠣᠰ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠭᠥᠷᠳᠡᠬᠦ ᠥᠬᠡᠶ᠃ | 2025 ᠣᠨ ᠳᠤ ᠥᠭᠡᠷᠡᠴᠢᠯᠡᠨ ᠳᠡᠭᠡᠭᠰᠢᠯᠡᠭᠦᠯᠦᠭᠰᠡᠨ ᠬᠦᠯᠡᠮᠵᠢ ᠶᠢᠨ ᠳᠤᠯᠠᠭᠠᠨ ᠫᠧᠩ ︵ᠥᠭᠡᠷᠡᠴᠢᠯᠡᠨ | ᠰᠢᠨᠡᠳᠬᠡᠬᠦ ᠲᠥᠷᠥᠯ ᠵᠥᠢᠯ ᠨᠢ ᠪᠦᠬᠦᠯᠢ ᠫᠧᠩ ᠤᠨ ᠨᠢᠷᠤᠭᠤᠪᠴᠢ ᠵᠢᠶᠠᠰᠠ ᠶᠢ ᠰᠣᠯᠢᠬᠤ᠂ ᠬᠡᠷᠡᠮ ᠢ ᠪᠠᠬᠢᠵᠢᠭᠦᠯᠬᠦ᠂ | ᠬᠥᠪᠥᠩ ᠬᠥᠨᠵᠢᠯᠡ ᠶᠢ ᠰᠣᠯᠢᠬᠤ᠂ ᠤᠶᠤᠨᠲᠤ ᠤᠰᠤ ᠪᠣᠷᠳᠣᠭᠤᠷ ᠢ ᠨᠢᠭᠡ ᠴᠤᠭᠴᠠᠵᠢᠭᠤᠯᠬᠤ ᠲᠥᠬᠦᠭᠡᠷᠦᠮᠵᠢ ᠨᠡᠮᠡᠬᠦ | ᠂ ᠣᠷᠴᠢᠨ ᠲᠣᠭᠤᠷᠢᠨ ᠤ ᠣᠶᠤᠨᠴᠢ ᠡᠵᠡᠮᠰᠢᠯ ᠤᠨ ᠰᠢᠰᠲ᠋ᠧᠮ ᠢ ᠨᠡᠮᠡᠨ ᠪᠠᠶᠢᠭᠤᠯᠬᠤ ᠪᠤᠶᠤ ᠳᠡᠰ ᠳᠡᠪᠰᠢᠭᠦᠯᠬᠦ ᠵᠡᠷᠭᠡ | 5 ᠵᠥᠢᠯ ᠠᠴᠠ ᠨᠠᠭᠠᠳᠤ ᠵᠠᠬ᠎ᠠ ᠳᠠᠭᠠᠨ 2 ᠵᠥᠢᠯ ᠢ ᠰᠣᠩᠭᠤᠨ᠎ᠠ︶᠂ ᠶᠡᠷᠦᠩᠬᠡᠶᠢᠯᠡᠨ ᠡᠵᠡᠯᠡᠭᠰᠡᠨ ᠭᠠᠵᠠᠷ ᠨᠢ 100 | ᠮᠦ ᠠᠴᠠ ᠳᠡᠭᠡᠭᠰᠢ ᠪᠠᠶᠢᠬᠤ ᠮᠥᠷᠲᠡᠭᠡᠨ ᠲᠠᠩ ᠫᠧᠩ ᠤᠨ ᠲᠤᠲᠤᠷ᠎ᠠ ᠲᠠᠯᠠᠪᠠᠢ ᠶᠢ ᠮᠧᠲᠷ ᠤᠷᠲᠤᠳᠬᠠᠬᠤ ᠪᠥᠷᠢ | ᠥᠭᠡᠷᠡᠴᠢᠯᠡᠨ ᠪᠠᠶᠢᠭᠤᠯᠤᠭᠰᠠᠨ ᠥᠪᠡᠷ ᠤᠨ ᠥᠷᠲᠡᠭ ᠤᠨ ᠣᠷᠣᠭᠤᠯᠤᠯᠲᠠ ᠨᠢ 300 ᠲᠥᠭᠦᠷᠢᠭ ᠬᠥᠷᠪᠡᠯ᠂ ᠮᠧᠲᠷ | ᠤᠷᠲᠤᠳᠬᠠᠬᠤ ᠪᠦᠷᠢ ᠳᠤ 150 ᠲᠥᠭᠦᠷᠢᠭ ᠨᠥᠬᠦᠪᠥᠷᠢ ᠦᠭᠭᠦᠨ᠎ᠡ᠃ | ᠲᠣᠰ ᠲᠥᠷᠥ ᠶᠢᠨ ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ | ᠲᠥᠬᠦᠭᠡᠷᠦᠮᠵᠢᠲᠦ ᠲᠠᠷᠢᠶᠠᠯᠠᠩ ᠢ ᠳᠡᠮᠵᠢᠬᠦ ᠲᠥᠷᠥ ᠶᠢᠨ ᠪᠣᠳᠣᠯᠭ᠎ᠠ ᠲᠠᠢ ᠳᠠᠪᠬᠤᠷᠳᠠᠭᠤᠯᠤᠨ ᠬᠡᠷᠡᠭᠯᠡᠵᠦ ᠪᠣᠯᠣᠨ᠎ᠠ᠃ | ᠲᠥᠷᠥ ᠶᠢᠨ ᠪᠣᠳᠣᠯᠭ᠎ᠠ ᠶᠢᠨ ᠨᠥᠬᠦᠪᠥᠷᠢ ᠥᠭᠬᠦ ᠴᠠᠭ ᠤᠨ ᠬᠢᠵᠠᠭᠠᠷ᠄ ᠲᠦᠷ 2025 ᠣᠨ ᠢᠶᠠᠷ ᠲᠣᠭᠲᠠᠪᠠ᠃ | | |