ᠵᠠᠩ ᡁᠢ ᠸᠧᠶ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/27
    4 ᠰᠠᠷ᠎ᠠ ᠶᠢᠨ 24 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠰᠢᠶᠧ ᠶᠦᠨ ᠰᠥᠩ᠂ ᠯᠢ ᠽᠦᠩ ᠮᠧᠩ᠂ ᠫᠧᠩ ᠰᠢᠶᠣᠣ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠡᠭᠦᠳᠦᠨ ᠪᠠᠶᠢᠭᠤᠯᠬᠤ ᠠᠵᠢᠯ᠂ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠰᠣᠨᠣᠰᠴᠤ᠂ ︽ᠶᠤᠸᠠᠨ ᠪᠦᠦ ᠱᠠᠨ ᠲᠣᠭᠤᠷᠢᠭ ᠤᠨ ᠤᠢ ᠰᠢᠭᠤᠢ ᠡᠪᠡᠰᠦ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ ︵ᠶᠠᠷᠢᠯᠴᠠᠬᠤ ᠨᠣᠣᠷᠠᠭ︶︾ ᠢ ᠬᠢᠨᠠᠨ ᠵᠥᠪᠯᠡᠵᠦ᠂ ᠫᠢᠩᠵᠤᠸᠠᠩ ᠤᠨ ᠵᠡᠭᠦᠨ ᠬᠤᠳᠠ ᠶᠢᠨ ᠲᠣᠭᠤᠷᠢᠭ ᠤᠨ ᠤᠰᠤ ᠲᠠᠲᠠᠷᠠᠭᠤᠯᠵᠤ ᠦᠶᠡᠷ ᠢ ᠰᠡᠷᠭᠡᠶᠢᠯᠡᠬᠦ ᠲᠦᠷᠦᠯ ᠵᠦᠢᠯ ᠤᠨ ᠢᠵᠢ ᠪᠦᠷᠢᠳᠦᠭᠦᠯᠬᠦ ᠢᠨᠵᠧᠨᠧᠷᠢᠩ᠂ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠦᠷᠦᠯ ᠵᠦᠢᠯ᠂ ᠠᠵᠤ ᠦᠢᠯᠡᠰ ᠤᠨ ᠬᠦᠷᠢᠶᠡᠯᠡᠩ ᠤᠨ ᠤᠯᠠᠨ ᠨᠡᠶᠢᠲᠡ ᠶᠢᠨ ᠬᠤᠭᠤᠯᠠᠢ ᠬᠤᠩᠭᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ ᠬᠡᠷᠡᠭᠯᠡᠬᠦ ᠲᠥᠯᠥᠪᠯᠡᠭᠡ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠰᠢᠶᠠᠩ ᠵᠡᠭᠡᠯᠢ᠂ ᠡᠯ᠎ᠡ ᠰᠠᠯᠠᠭ᠎ᠠ ᠮᠥᠴᠢᠷ ᠤᠨ ᠬᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠠᠷᠭ᠎ᠠ ᠪᠤᠳᠤᠯᠭ᠎ᠠ ᠲᠣᠭᠲᠠᠭᠠᠬᠤ ᠰᠡᠳᠬᠢᠴᠡ ᠪᠠᠨ ᠰᠢᠯᠢᠳᠡᠭᠵᠢᠭᠦᠯᠵᠦ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠬᠤᠷᠳᠤᠳᠬᠠᠨ ᠠᠬᠢᠭᠤᠯᠵᠤ ᠂ ᠪᠡᠯᠡ ᠮᠥᠩᠭᠦ ᠶᠢ ᠪᠣᠳᠠᠲᠠᠶᠢᠵᠢᠭᠤᠯᠬᠤ ᠶᠢ ᠲᠦᠷᠭᠡᠪᠴᠢᠯᠡᠨ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠥᠨ ᠥᠷᠭᠦᠯᠵᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠢᠰᠲ᠋ᠧᠮ ᠲᠠᠢ ᠠᠬᠢᠭᠤᠯᠵᠤ᠂ ︽ᠰᠤᠷᠭᠠᠨ ᠬᠥᠮᠦᠵᠢᠯ ᠤᠨ ᠬᠥᠴᠥᠷᠬᠡᠭ ᠲᠣᠭᠤᠷᠢᠭ︾ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ ᠭᠡᠷᠡᠯᠳᠦᠬᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠤᠨ ᠤ ᠦᠷ᠎ᠡ ᠪᠦᠲᠦᠭᠡᠯ ᠢ ᠬᠦᠴᠦᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠢ ᠰᠢᠭᠤᠢ ᠡᠪᠡᠰᠦ ᠪᠡᠯᠴᠢᠭᠡᠷ ᠢ ᠬᠤᠬᠢᠷᠠᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ︽ᠶᠡᠭᠡ ᠪᠠᠶᠢᠴᠠᠭᠠᠯᠲᠠ᠂ ᠶᠡᠭᠡ ᠢᠯᠡᠷᠡᠭᠦᠯᠥᠯᠲᠡ︾ ᠶᠢ ᠲᠦᠷᠭᠡᠳᠬᠡᠨ ᠠᠬᠢᠭᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠤᠬᠠᠭᠤᠯᠵᠤ ᠬᠦᠳᠦᠯᠦᠨ ᠵᠢᠯᠣᠭᠤᠳᠬᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠵᠤ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠤᠰᠤ ᠲᠠᠲᠠᠷᠠᠭᠤᠯᠵᠤ ᠦᠶᠡᠷ ᠢ ᠰᠡᠷᠭᠡᠶᠢᠯᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠬᠤᠳᠠ ᠶᠢᠨ ᠠᠮᠤᠷ ᠲᠦᠪᠰᠢᠨ ᠲᠣᠭᠲᠠᠭᠤᠨ ᠢᠶᠠᠷ ᠣᠷᠴᠢᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ ᠳᠤᠲᠠᠭᠤᠳᠠᠯ ᠢ ᠨᠥᠬᠦᠪᠥᠷᠢᠯᠡᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠠᠵᠤ ᠦᠢᠯᠡᠰ ᠤᠨ ᠬᠦᠷᠢᠶᠡᠯᠡᠩ ᠤᠨ ᠤᠯᠠᠨ ᠨᠡᠶᠢᠲᠡ ᠶᠢᠨ ᠬᠤᠭᠤᠯᠠᠢ ᠬᠤᠩᠬᠢᠯ ᠤᠨ ᠢᠨᠵᠧᠨᠧᠷᠢᠩ ᠢ ᠲᠦᠷᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠪᠣᠳᠠᠰ ᠤᠨ ᠮᠠᠲ᠋ᠧᠷᠢᠶᠠᠯ ᠢ ᠥᠨᠳᠥᠷ ᠪᠦᠲᠦᠮᠵᠢᠲᠡᠢ ᠲᠡᠭᠡᠭᠡᠪᠦᠷᠢᠯᠡᠬᠦ ᠶᠢ ᠪᠡᠶᠡᠯᠡᠭᠦᠯᠵᠦ᠂ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠬᠠᠮᠵᠢᠯᠴᠠᠭ᠎ᠠ᠂ ᠡᠷᠴᠢᠮᠯᠢᠭ ᠲᠥᠪᠯᠡᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠪᠡᠯᠡ ᠮᠥᠩᠭᠦ ᠶᠢ ᠦᠷᠭᠦᠯᠵᠢᠯᠡᠨ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠬᠦ ᠳᠤ ᠨᠡᠩ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1