| | | ᠣᠶᠢᠷ᠎ᠠ ᠳᠤ᠂ ᠦ᠋ ᠵᠢᠶᠠ ᠪᠠᠯᠭᠠᠰᠤ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠤᠨ | ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠪᠠ ᠨᠠᠮ ᠤᠨ ᠲᠥᠪ ᠬᠤᠷᠢᠶᠠᠨ ᠤ ᠪᠥᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠦᠨ | ᠵᠢᠯᠣᠭᠤᠳᠴᠤ᠂ ᠠᠷᠢᠭᠤᠨ ᠴᠢᠬᠡᠴᠢ ᠪᠡᠶ᠎ᠡ ᠪᠠᠨ ᠪᠠᠷᠢᠬᠤ ᠤᠬᠠᠮᠰᠠᠷ ᠢ ᠨᠢ ᠦᠨᠡᠨ ᠬᠦ ᠴᠢᠩᠭᠠᠳᠬᠠᠵᠤ᠂ ᠪᠥᠬᠦ | ᠪᠠᠯᠭᠠᠰᠤᠨ ᠤ ᠰᠤᠷᠲᠠᠯ ᠤᠨ ᠪᠠᠶᠢᠭᠤᠯᠤᠯᠲᠠ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ | ᠴᠢᠩᠭᠠᠳᠬᠠᠪᠠ᠃ ᠲᠣᠰ ᠪᠠᠯᠭᠠᠰᠤᠨ ᠤ ᠪᠥᠬᠦ ᠤᠳᠤᠷᠢᠳᠬᠤ ᠪᠠᠭ ᠤᠨ ᠪᠦᠷᠢᠯᠳᠦᠬᠦᠨ ᠵᠢᠴᠢ ᠪᠠᠯᠭᠠᠰᠤᠨ ᠤ | ᠪᠠᠶᠢᠭᠤᠯᠭ᠎ᠠ ᠶᠢᠨ ᠪᠥᠬᠦ ᠺᠠᠳ᠋ᠷ᠂ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ᠂ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠪᠦᠷᠢᠯᠳᠦᠬᠦᠨ ᠵᠢᠴᠢ ᠲᠣᠰᠬᠤᠨ ᠤ | ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠬᠤᠷᠠᠯ ᠳᠤ ᠣᠷᠣᠯᠴᠠᠪᠠ᠃ | ᠬᠤᠷᠠᠯ ᠠᠴᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ᠂ ︽ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠭᠦᠯᠡᠯᠲᠡ ᠶᠢᠨ ᠲᠡᠭᠦᠪᠦᠷᠢ︾ | ᠶᠢ ᠲᠥᠪᠯᠡᠷᠡᠭᠦᠯᠦᠨ ᠰᠤᠷᠤᠯᠴᠠᠵᠤ᠂ ᠬᠠᠵᠠᠭᠤ ᠳᠤ ᠡᠭᠦᠰᠦᠭᠰᠡᠨ ᠬᠠᠤᠯᠢ ᠴᠠᠭᠠᠵᠠ ᠰᠠᠬᠢᠯᠭ᠎ᠠ ᠪᠠᠲᠤ ᠶᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠣᠯᠠᠨ ᠳᠤ ᠰᠠᠬᠢᠯᠭ᠎ᠠ ᠪᠠᠲᠤ ᠶᠣᠰᠣ | ᠳᠦᠷᠢᠮ ᠠᠴᠠ ᠵᠥᠷᠢᠴᠡᠭᠰᠡᠨ ᠬᠦᠨᠳᠦ ᠨᠣᠴᠢᠲᠠᠶ ᠦᠷ᠎ᠡ ᠳ᠋ᠦᠩ ᠢ ᠰᠢᠭᠤᠳ ᠮᠡᠳᠡᠷᠡᠭᠦᠯᠵᠦ᠂ ︽ᠳᠡᠷᠭᠡᠳᠡᠬᠢ ᠬᠥᠮᠦᠨ | ᠪᠠ ᠳᠡᠷᠭᠡᠳᠡᠬᠢ ᠶᠠᠪᠤᠳᠠᠯ︾ ᠢᠶᠠᠷ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠪᠥᠭᠡᠳ ᠪᠣᠳᠠᠲᠠᠶᠢᠵᠢᠭᠤᠯᠵᠤ᠂ ᠨᠠᠮ ᠤᠨ | ᠭᠡᠰᠢᠭᠦᠨ ᠺᠠᠳ᠋ᠷᠴᠤᠳ ᠲᠤ ᠰᠡᠷᠡᠮᠵᠢ ᠬᠥᠷᠲᠡᠭᠦᠯᠵᠦ᠂ ᠬᠤᠷᠢᠭ᠎ᠠ ᠱᠤᠭᠤᠮ ᠢ ᠲᠣᠳᠤᠷᠬᠠᠢ ᠣᠶᠢᠯᠠᠭᠠᠭᠤᠯᠵᠤ᠂ | ᠪᠢᠰᠢᠷᠡᠨ ᠵᠢᠷᠦᠬᠡᠰᠢᠶᠡᠬᠦ ᠶᠢ ᠮᠡᠳᠡᠭᠦᠯᠵᠦ᠂ ᠤᠬᠠᠮᠰᠠᠷ ᠠᠴᠠ ᠪᠠᠨ ᠰᠡᠳᠬᠢᠯ ᠳᠡᠭᠡᠨ ᠡᠮᠢᠶᠡᠯ ᠲᠠᠢ᠂ ᠬᠡᠯᠡᠬᠦ ᠳᠤ | ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠬᠤ ᠶᠢ ᠪᠡᠶᠡᠯᠡᠭᠦᠯᠵᠦ᠂ ᠠᠷᠢᠭᠤᠨ ᠴᠢᠬᠡᠴᠢ ᠪᠠᠷ | ᠪᠡᠶ᠎ᠡ ᠪᠠᠨ ᠱᠠᠭᠠᠷᠳᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ | ᠭᠦᠨᠵᠡᠭᠡᠶᠢᠷᠡᠭᠦᠯᠵᠦ᠂ ᠢᠯᠵᠢᠷᠡᠯ ᠢ ᠲᠡᠪᠴᠢᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠤᠬᠠᠮᠰᠠᠷ ᠪᠣᠯᠤᠨ | ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠲᠤᠭ | ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠬᠠᠮᠰᠠᠷ ᠠᠴᠠ ᠪᠠᠨ ᠤᠯᠤᠰ ᠲᠦᠷᠦ ᠶᠢᠨ | ᠰᠤᠷᠤᠯᠴᠠᠯᠭ᠎ᠠ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ | ᠤᠯᠤᠰ ᠲᠦᠷᠦ ᠶᠢᠨ ᠡᠭᠦᠷᠭᠡ ᠪᠣᠯᠭᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ᠃ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠨᠠᠮ ᠤᠨ ᠲᠦᠷᠢᠮ ᠨᠠᠮ ᠤᠨ ᠰᠠᠬᠢᠯᠭ᠎ᠠ ᠪᠠᠲᠤ ᠬᠠᠤᠯᠢ | ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠪᠠᠨ ᠲᠠᠰᠤᠷᠠᠯᠳᠠ ᠦᠭᠡᠢ ᠴᠢᠩᠭᠠᠳᠬᠠᠵᠤ᠂ ᠰᠠᠬᠢᠯᠭ᠎ᠠ ᠪᠠᠲᠤ ᠶᠢᠨ | ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠢᠯᠵᠢᠷᠡᠯ ᠢ ᠲᠡᠪᠴᠢᠵᠦ ᠬᠤᠪᠢᠷᠠᠬᠤ ᠶᠢ | ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠰᠠᠬᠢᠯᠭ᠎ᠠ ᠪᠠᠲᠤ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ ᠲᠤᠩᠭᠠᠬᠤ ᠶᠢ | ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ | ᠠᠵᠢᠯᠯᠠᠭ᠎ᠠ ᠳᠠᠭᠠᠨ ᠢᠯᠡᠷᠡᠭᠦᠯᠬᠦ ᠬᠡᠷᠡᠭᠲᠡᠢ᠃ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠠᠶᠠᠭᠳᠠᠵᠤ᠂ ᠰᠠᠬᠢᠯᠭ᠎ᠠ | ᠪᠠᠲᠤ ᠶᠢ ᠵᠢᠷᠤᠮᠯᠠᠨ ᠬᠠᠤᠯᠢ ᠶᠢ ᠰᠠᠬᠢᠬᠤ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢᠶᠠᠨ ᠴᠢᠩᠭᠠᠳᠬᠠᠵᠤ᠂ | ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠰᠠᠬᠢᠯᠭ᠎ᠠ ᠪᠠᠲᠤ | ᠬᠠᠤᠯᠢ ᠴᠠᠭᠠᠵᠠ ᠶᠢᠨ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠳᠬᠠᠵᠤ᠂ ︽ᠤᠯᠠᠭᠠᠨ ᠱᠤᠭᠤᠮ︾ ᠳᠤ | ᠬᠠᠯᠳᠠᠬᠤ ᠦᠭᠡᠢ᠂ ︽ᠵᠠᠭᠠᠭ ᠱᠤᠭᠤᠮ︾ ᠢ ᠭᠢᠰᠬᠢᠬᠦ ᠦᠭᠡᠢ᠂ ︽ᠬᠤᠷᠢᠭ᠎ᠠ ᠱᠤᠭᠤᠮ︾ ᠢ ᠳᠠᠪᠠᠭ᠋ᠤ ᠦᠭᠡᠢ | ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠦᠵᠡᠭᠴᠢᠳ ᠤᠨ ᠰᠡᠳᠬᠢᠯᠭᠡ ᠪᠠᠨ ᠲᠠᠶᠠᠭᠳᠠᠵᠤ᠂ ᠥᠪᠡᠷ ᠢ ᠪᠠᠨ | ᠰᠡᠷᠡᠮᠵᠢᠯᠡᠭᠦᠯᠦᠨ ᠥᠪᠡᠷ ᠢ ᠪᠠᠨ ᠲᠤᠩᠭᠠᠬᠤ ᠶᠢ ᠭᠦᠨᠵᠡᠭᠡᠶᠢᠷᠡᠭᠦᠯᠵᠦ᠂ ︽ᠴᠠᠭᠠᠰᠤᠨ ᠳᠡᠭᠡᠷ᠎ᠡ ᠪᠢᠴᠢᠭᠰᠡᠨ ᠰᠤᠷᠭᠠᠮᠵᠢ | ︾ ᠶᠢ ᠦᠨᠡᠨ ᠬᠦ ︽ᠡᠮᠦᠨ᠎ᠡ ᠪᠣᠰᠬᠠᠭᠰᠠᠨ ᠲᠣᠯᠢ︾ ᠪᠣᠯᠭᠠᠨ ᠬᠤᠪᠢᠷᠠᠭᠤᠯᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ | ᠂ ᠰᠡᠷᠡᠮᠵᠢᠯᠡᠨ ᠡᠮᠢᠶᠡᠬᠦ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠡᠷᠬᠡ ᠪᠠᠨ | ᠬᠡᠷᠡᠭᠯᠡᠬᠦ ᠶᠢ ᠠᠷᠢᠭᠤᠨ ᠴᠢᠬᠡᠴᠢ ᠪᠠᠷ ᠵᠢᠷᠤᠮᠵᠢᠭᠤᠯᠵᠤ᠂ ︽ᠡᠷᠬᠡ ᠶᠢ ᠠᠷᠠᠳ ᠲᠦᠮᠡᠨ ᠠᠴᠠ ᠣᠯᠭᠤᠭᠰᠠᠨ ᠶᠤᠮ᠂ | ᠠᠷᠠᠳ ᠲᠦᠮᠡᠨ ᠤ ᠲᠥᠯᠥᠭᠡ ᠡᠷᠬᠡ ᠪᠠᠨ ᠰᠠᠶᠢᠲᠤᠷ ᠬᠡᠷᠡᠭᠯᠡᠬᠦ︾ ᠶᠢ ᠢᠮᠠᠭᠲᠠ ᠪᠠᠲᠤ ᠴᠡᠭᠡᠵᠢᠯᠡᠵᠦ᠂ ᠨᠠᠮ ᠤᠨ | ᠠᠵᠢᠯ ᠤᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠠᠵᠢᠯ ᠬᠢᠵᠦ ᠳᠡᠶᠢᠯᠬᠦ | ᠂ ᠠᠵᠢᠯ ᠪᠦᠲᠦᠭᠡᠵᠦ ᠳᠡᠶᠢᠯᠬᠦ᠂ ᠤᠴᠢᠷ ᠶᠠᠪᠤᠳᠠᠯ ᠭᠠᠷᠭᠠᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ | ᠠᠵᠢᠯ ᠶᠠᠪᠤᠳᠠᠯ ᠬᠢᠵᠦ᠂ ᠨᠠᠮ ᠤᠨ ᠡᠯ᠎ᠡ ᠵᠦᠢᠯ ᠤᠨ ᠦᠢᠯᠡᠰ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ | ᠦᠨᠡᠨ ᠬᠦ ᠠᠬᠢᠭᠤᠯᠬᠤ ᠬᠡᠷᠡᠭᠲᠡᠢ᠃ ᠪᠥᠬᠦ ᠺᠠᠳ᠋ᠷᠴᠤᠳ ᠤᠬᠠᠮᠰᠠᠷ ᠠᠴᠠ ᠪᠠᠨ ᠡᠭᠦᠷᠭᠡ ᠬᠠᠷᠢᠭᠤᠴᠠᠯᠭ᠎ᠠ ᠪᠠᠨ | ᠭᠥᠢᠴᠡᠳᠬᠡᠬᠦ ᠪᠣᠳᠠᠲᠤ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠪᠥᠬᠦ ᠪᠠᠯᠭᠠᠰᠤᠨ ᠤ ᠠᠵᠢᠯ ᠤᠨ ᠪᠠᠶᠢᠷᠢ | ᠲᠣᠭᠲᠠᠭᠠᠨ ᠬᠠᠷᠢᠭᠤᠴᠠᠯᠭ᠎ᠠ ᠲᠣᠭᠲᠠᠭᠠᠵᠤ ᠡᠭᠦᠷᠭᠡ ᠬᠠᠷᠢᠭᠤᠴᠠᠯᠭ᠎ᠠ ᠪᠠᠨ ᠭᠥᠢᠴᠡᠳᠬᠡᠬᠦ ᠨᠠᠷᠢᠨ ᠲᠠᠩᠰᠠ ᠶᠣᠰᠣᠭᠠᠷ᠂ | ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠵᠦ᠂ ᠬᠠᠷᠢᠭᠤᠴᠠᠯᠭ᠎ᠠ ᠪᠠᠨ ᠥᠪᠡᠷ ᠤᠨ ᠪᠡᠶ᠎ᠡ ᠳᠡᠭᠡᠨ ᠡᠭᠦᠷᠭᠡᠯᠡᠵᠦ᠂ | ᠬᠠᠷᠢᠭᠤᠴᠠᠯᠭ᠎ᠠ ᠪᠠᠨ ᠭᠥᠢᠴᠡᠳᠬᠡᠵᠦ᠂ ᠡᠷᠬᠡ ᠪᠠᠨ ᠬᠡᠷᠡᠭᠯᠡᠬᠦ ᠳᠤ ᠴᠢᠩᠭ᠎ᠠ ᠪᠠᠶᠢᠵᠤ᠂ ᠪᠡᠶ᠎ᠡ ᠪᠠᠨ ᠴᠢᠩᠭ᠎ᠠ | ᠱᠠᠭᠠᠷᠳᠠᠵᠤ᠂ ᠲᠣᠰ ᠪᠡᠶ᠎ᠡ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠨ ᠪᠥᠬᠦ ᠪᠠᠯᠭᠠᠰᠤᠨ ᠤ ᠡᠯ᠎ᠡ ᠵᠥᠢᠯ ᠤᠨ | ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | |