ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠶᠤᠸᠠᠨ ᠪᠦᠦ ᠱᠠᠨ ᠲᠣᠭᠤᠷᠢᠭ ᠲᠤ ᠢᠷᠡᠵᠦ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/7
    ᠣᠶᠢᠷ᠎ᠠ ᠳᠤ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠱᠢ ᠴᠠᠩ ᠱᠧᠩ ᠬᠤᠲᠠ ᠶᠢᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠣᠯᠭᠤᠯᠲᠠ ᠶᠢᠨ ᠰᠠᠯᠠᠭ᠎ᠠ ᠵᠢᠴᠢ ᠠᠵᠢᠯ ᠣᠯᠭᠤᠯᠲᠠ ᠶᠢ ᠲᠤᠰᠠᠯᠠᠬᠤ ᠲᠥᠪ ᠤᠨ ᠰᠠᠯᠠᠭᠠᠨ ᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠳᠠᠭᠠᠭᠤᠯᠤᠨ ᠮᠠᠨ ᠤ ᠲᠣᠭᠤᠷᠢᠭ ᠲᠤ ᠭᠦᠨᠵᠡᠭᠡᠶᠢᠷᠡᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠪᠠ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠣᠳᠤᠯᠤᠨ ᠵᠢᠭᠠᠨ ᠵᠢᠯᠣᠭᠤᠳᠴᠤ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠨᠢ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠣᠳᠣᠬᠢ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠵᠤ᠂ ᠦᠢᠯᠡᠴᠢᠯᠡᠭᠡᠨ ᠤ ᠶᠠᠪᠤᠴᠠ ᠶᠢ ᠰᠦᠪᠡᠭᠴᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠣᠭᠤᠷᠢᠭ ᠤᠨ ᠠᠵᠢᠯ ᠣᠯᠭᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠪᠠᠶᠢᠴᠠᠭᠠᠨ ᠰᠤᠳᠤᠯᠬᠤ ᠳᠤᠭᠤᠶᠢᠯᠠᠩ ᠲᠣᠰ ᠲᠣᠰ ᠹᠧᠩ ᠱᠦᠢ ᠭᠸᠤ ᠪᠠᠯᠭᠠᠰᠤ᠂ ᠰᠢ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠢᠦᠢ ᠯᠦᠩ ᠸᠠᠨ ᠨᠡᠶᠢᠭᠡᠮ ᠲᠣᠭᠤᠷᠢᠭ᠂ ᠳ᠋ᠦᠩ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠦᠨ᠎ᠡ ᠲᠣᠭᠤᠷᠢᠯ ᠵᠠᠮ ᠤᠨ ᠨᠡᠶᠢᠭᠡᠮ ᠲᠣᠭᠤᠷᠢᠭ ᠲᠤ ᠬᠦᠷᠴᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠦᠷᠳᠡᠭᠡ ᠵᠢᠴᠢ ᠭᠦᠢᠴᠡᠳ ᠠᠵᠢᠯ ᠣᠯᠭᠤᠯᠲᠠ ᠶᠢᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠨᠡᠶᠢᠭᠡᠮ ᠲᠣᠭᠤᠷᠢᠭ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠨᠡᠶᠢᠭᠡᠮ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠰᠠᠭᠤᠷᠢ ᠠᠵᠢᠯ ᠢ ᠪᠠᠷᠢᠮᠵᠢᠶ᠎ᠠ ᠲᠠᠢ ᠬᠠᠷᠢᠴᠠᠭᠤᠯᠤᠨ ᠰᠠᠶᠢᠲᠤᠷ ᠬᠢᠵᠦ᠂ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠬᠤᠶᠠᠷ ᠬᠡᠮᠵᠢᠯᠳᠦ ᠺᠣᠳ᠋ ᠂ ᠸᠢᠴᠠᠲ᠂ ᠵᠢᠵᠢᠭ ᠫᠷᠤᠭ᠍ᠷᠠᠮ ᠵᠡᠷᠭᠡ ᠠᠷᠭ᠎ᠠ ᠬᠡᠯᠪᠡᠷᠢ ᠶᠢ ᠠᠰᠢᠭᠯᠠᠨ ᠤᠬᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡᠨ ᠤ ᠵᠢᠷᠤᠮᠵᠢᠭᠰᠠᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠨᠡᠶᠢᠭᠡᠮ ᠲᠣᠭᠤᠷᠢᠭ ᠤᠨ ᠠᠵᠢᠯᠲᠠᠨ ᠤ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃
a1_副本.jpg
a2_副本.jpg
        ᠳᠠᠷᠠᠭ᠎ᠠ ᠨᠢ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠨ ᠹᠠ ᠳ᠋ᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ᠂ ︽ᠪᠦᠦ ᠱᠠᠨ ᠤ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠬᠦᠮᠦᠨ︾᠎ ᠤ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠱᠢ ᠴᠠᠩ ᠱᠧᠩ ᠴᠢᠬᠤᠯᠠᠴᠢᠯᠠᠭᠰᠠᠨ ᠨᠢ᠂ ᠦᠷᠭᠦᠯᠵᠢᠯᠡᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠴᠣᠭᠴᠠᠯᠠᠬᠤ ᠶᠢᠨ ᠲᠣᠭᠤᠷᠢᠨ ᠳᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠰᠢᠯᠢᠳᠡᠭᠵᠢᠭᠦᠯᠬᠦ᠂ ᠲᠦᠷᠦᠯ ᠲᠡᠮᠳᠡᠭ ᠤᠨ ᠪᠣᠯᠪᠠᠰᠤᠷᠠᠭᠤᠯᠤᠯ ᠢ ᠴᠢᠩᠭ᠎ᠠ ᠠᠳᠬᠤᠬᠤ᠂ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠬᠤ ᠪᠠ ᠠᠵᠢᠯᠴᠢᠨ ᠬᠡᠷᠡᠭᠯᠡᠬᠦ ᠶᠢ ᠪᠦᠬᠦ ᠬᠦᠴᠦᠨ ᠢᠶᠠᠷ ᠢᠶᠠᠨ ᠪᠠᠲᠤᠯᠭᠠᠵᠢᠭᠤᠯᠬᠤ ᠵᠡᠷᠭᠡ ᠲᠦᠷᠪᠡᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠬᠥᠭᠵᠢᠯᠲᠡ ᠪᠤᠶᠢᠵᠢᠯᠲᠠ ᠶᠢ ᠴᠢᠩᠭᠠᠳᠬᠠᠵᠤ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠦᠢᠯᠡᠳᠦᠯ ᠢ ᠶᠡᠬᠡᠰᠬᠡᠵᠦ᠂ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠤᠨ ᠠᠵᠢᠯ ᠡᠷᠬᠢᠯᠡᠭᠰᠡᠳ ᠤᠨ ᠰᠢᠨ᠎ᠡ ᠶᠢ ᠡᠭᠦᠳᠴᠦ ᠦᠢᠯᠡᠰ ᠪᠤᠰᠬᠠᠬᠤ ᠬᠡᠪᠴᠢᠶ᠎ᠡ ᠶᠢ ᠪᠤᠵᠠᠭᠠᠶᠢᠷᠠᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ ᠭᠡᠵᠡᠢ᠃
a3_副本.jpg
a4_副本.jpg
       ᠬᠠᠮᠤᠭ ᠰᠡᠭᠦᠯ ᠳᠤᠨᠢ᠂ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ ᠶᠠᠷᠢᠯᠴᠠᠬᠤ ᠬᠤᠷᠠᠯ ᠥᠷᠨᠢᠭᠦᠯᠪᠡ᠃ ᠬᠤᠷᠠᠯ ᠠᠴᠠ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠥᠷᠲᠡᠭᠡᠨ ᠤ ᠤᠯᠠᠨ ᠲᠦᠮᠡᠨ ᠳᠤ ᠦᠢᠯᠡᠴᠢᠯᠡᠬᠦ᠂ ᠠᠵᠢᠯ ᠣᠯᠭᠤᠯᠲᠠ ᠶᠢ ᠠᠬᠢᠭᠤᠯᠬᠤ᠂ ᠬᠦᠴᠢᠷᠳᠡᠯ ᠢ ᠰᠢᠢᠳᠪᠦᠷᠢᠯᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠡᠷᠡᠭᠲᠡᠢ᠃ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠴᠢᠨᠠᠷ ᠰᠠᠶᠢᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ᠃ ᠮᠠᠨ ᠤ ᠲᠤᠭᠤᠷᠢᠭ ᠤᠨ ᠬᠥᠳᠡᠯᠮᠦᠷᠢ ᠬᠦᠴᠦᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠵᠦ᠂ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠨᠳᠤᠯᠭᠠᠲᠤ ᠴᠢᠨᠠᠷᠲᠠᠶ ᠪᠠᠷ ᠬᠦᠮᠦᠵᠢᠭᠦᠯᠥᠨ ᠪᠤᠶᠢᠵᠢᠭᠤᠯᠵᠤ᠂ ᠨᠠᠩ ᠣᠯᠠᠨ ᠬᠥᠮᠦᠨ ᠢ ᠳᠠᠶᠢᠴᠢᠯᠠᠨ ᠠᠵᠢᠯ ᠤᠯᠭᠤᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1