ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠰᠢᠶᠤᠤ ᠮᠢᠩ ᠪᠦᠯᠬᠦᠮ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/13
   
a1_副本.jpg
       5 ᠰᠠᠷ᠎ᠠ ᠶᠢᠨ 12 ᠤᠨ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠰᠢᠶᠤᠤ ᠮᠢᠩ ᠪᠦᠯᠬᠦᠮ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠷᠧᠨ ᠰᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠳ᠋ᠤᠸᠠᠨ ᡁᠢ ᠭᠦᠸᠧ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠸᠧᠶ᠂ ᠬᠤᠲᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠮᠦ ᠹᠠᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠤᠯᠠᠭᠠᠨᠬᠠᠳᠠ︶ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠰᠠᠭᠤᠷᠢ ᠨᠡᠭᠦᠷᠡᠰᠦᠲᠥ᠋ᠷᠥᠭᠴᠢ ᠦᠭᠡᠢ ᠤᠰᠤᠲᠥ᠋ᠷᠥᠭᠴᠢ ᠰᠢᠪᠲᠦᠷᠲᠦ ᠰᠢᠲᠠᠮᠠᠬᠠᠶ ᠬᠡᠢ ᠶᠢᠨ ᠮᠠᠰᠢᠨ ᠤᠭᠰᠠᠷᠠᠬᠤ ᠳᠤᠭᠤᠶᠢᠯᠠᠩ ᠵᠢᠴᠢ ᠬᠡᠮᠵᠢᠨ ᠲᠤᠷᠰᠢᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠶᠤᠸᠠᠨ ᠵᠢᠩ ᠨᠡᠭᠦᠷᠡᠰᠦᠲᠥ᠋ᠷᠥᠭᠴᠢ ᠦᠭᠡᠢ ᠮᠡᠷᠭᠡᠵᠢᠯ ︵ᠤᠯᠠᠭᠠᠨᠬᠠᠳᠠ︶ ᠤᠨ ᠬᠢᠵᠠᠭᠠᠷᠲᠤ ᠺᠣᠮᠫᠠᠨᠢ ᠶᠢᠨ ᠵᠢᠯ ᠪᠦᠷᠢ ᠶᠢᠨ 152 ᠲᠦᠮᠡᠨ ᠲᠣᠨ ᠨᠡᠭᠦᠷᠡᠰᠦᠲᠥ᠋ᠷᠥᠭᠴᠢ ᠦᠭᠡᠢ ᠤᠰᠤᠲᠥ᠋ᠷᠥᠭᠴᠢ ᠰᠢᠪᠲᠦᠷ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠤᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠬᠢᠭᠡᠳ ᠠᠵᠤ ᠠᠬᠤᠶᠢᠯᠠᠯ ᠤᠨ ᠳᠡᠭᠡᠳᠦ ᠲᠡᠰᠵᠢᠯᠲᠡ᠂ ᠪᠣᠬᠢᠷᠲᠤᠯ ᠦᠭᠡᠢ ᠥᠢᠯᠡᠳᠪᠥᠷᠢᠯᠡᠯ᠂ ᠤᠶᠤᠨᠴᠢᠯᠠᠭᠰᠠᠨ ᠬᠥᠭᠵᠢᠯᠲᠡ ᠶᠢᠨ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠲᠤᠭᠤᠷᠢᠭ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠤᠨ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠲᠤᠰ ᠤᠳᠠᠭᠠᠨ ᠤ ᠪᠠᠶᠢᠴᠠᠭᠠᠨ ᠰᠣᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠵᠤ ᠦᠢᠯᠡᠰ ᠤᠨ ᠬᠡᠯᠬᠢᠶᠡᠨ ᠤ ᠰᠥᠷᠥᠭᠵᠢᠭᠰᠡᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠰᠤᠷᠤᠯᠴᠠᠬᠤ ᠶᠢᠨ ᠬᠠᠮᠲᠤ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠬᠠᠷᠢᠯᠴᠠᠭ᠎ᠠ ᠪᠣᠯᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠣᠯᠡᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠰᠠᠶᠢᠨ ᠲᠤᠷᠰᠢᠯᠭ᠎ᠠ ᠪᠣᠯᠤᠨ ᠠᠷᠭ᠎ᠠ ᠬᠢᠳᠡᠯ ᠢᠶᠠᠨ ᠬᠠᠷᠢᠯᠴᠠᠨ ᠰᠤᠷᠤᠯᠴᠠᠨ ᠲᠤᠯᠢᠳᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1