| | | ᠣᠶᠢᠷ᠎ᠠ ᠳᠤ᠂ ᠶᠤᠸᠠᠨ ᠪᠦᠦ ᠱᠠᠨ ᠪᠠᠯᠭᠠᠰᠤᠨ ᠤ ᠨᠠᠨ ᠬᠤᠸᠠᠩ ᠲᠣᠰᠬᠤᠨ ᠲᠣᠰᠬᠤᠨ ᠤ ᠠᠷᠠᠳ ᠤᠨ ᠲᠤᠰᠬᠠᠯ | ᠴᠢᠩᠭ᠎ᠠ ᠪᠠᠶᠢᠭ᠎ᠠ ᠲᠠᠷᠢᠶᠠᠨ ᠭᠠᠵᠠᠷ ᠤᠨ ᠤᠰᠤᠯᠠᠯᠲᠠ ᠶᠢᠨ ᠲᠥᠬᠦᠭᠡᠷᠦᠮᠵᠢ ᠶᠢᠨ ᠬᠠᠭᠤᠴᠢᠷᠠᠭᠰᠠᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠳᠤᠰᠤᠯᠭᠠᠨ ᠤᠰᠤᠯᠠᠬᠤ ᠰᠢᠰᠲ᠋ᠧᠮ ᠢ ᠵᠠᠰᠠᠨ ᠰᠡᠷᠭᠦᠭᠡᠬᠦ᠂ ᠤᠰᠤᠨ ᠰᠤᠪᠠᠭ ᠢ | ᠪᠠᠬᠢᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ︽ᠤᠰᠤᠨ | ᠠᠰᠢᠭᠯᠠᠯᠲᠠ ᠪᠠᠷ ᠠᠷᠠᠳ ᠲᠤ ᠠᠰᠢᠭ ᠬᠥᠷᠲᠡᠭᠡᠨ︾ ᠲᠠᠷᠢᠶᠠᠨ ᠭᠠᠵᠠᠷ ᠤᠨ ᠥᠷ᠎ᠡ ᠠᠰᠢᠭ ᠢ ᠰᠠᠶᠢᠵᠢᠷᠠᠭᠤᠯᠪᠠ᠃ | ᠰᠤᠷᠪᠤᠯᠵᠢᠯᠠᠨ ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ ᠨᠠᠨ ᠬᠤᠸᠠᠩ ᠲᠣᠰᠬᠤᠨ ᠤ ᠣᠯᠠᠨ ᠭᠠᠵᠠᠷ ᠲᠤ | ᠳᠤᠰᠤᠯᠭᠠᠨ ᠤᠰᠤᠯᠠᠬᠤ ᠬᠤᠭᠤᠯᠠᠶ ᠶᠢᠨ ᠵᠠᠮ ᠬᠠᠭᠤᠴᠢᠷᠠᠭᠰᠠᠨ ᠠᠴᠠ ᠪᠣᠯᠵᠣ ᠤᠰᠤ ᠭᠤᠭᠤᠵᠢᠵᠤ᠂ ᠪᠥᠭᠯᠡᠷᠡᠵᠦ᠂ | ᠬᠡᠰᠡᠭ ᠤᠰᠤᠨ ᠰᠤᠪᠠᠭ ᠤᠨ ᠬᠠᠵᠠᠭᠤ ᠶᠢᠨ ᠨᠠᠯᠠᠤ ᠨᠢ ᠨᠤᠷᠠᠵᠤ᠂ ᠤᠰᠤ ᠨᠡᠪᠴᠢᠵᠦ᠂ ᠡᠮ ᠤᠨ ᠮᠠᠲ᠋ᠧᠷᠢᠶᠠᠯ᠂ | ᠡᠷᠳᠡᠨᠢ ᠰᠢᠰᠢ ᠵᠡᠷᠭᠡ ᠲᠠᠷᠢᠮᠠᠯ ᠤᠨ ᠤᠰᠤᠯᠠᠯᠲᠠ ᠨᠢ ᠴᠠᠭ ᠬᠦᠴᠦ ᠶᠡᠭᠡ ᠪᠠᠷᠠᠬᠤ ᠪᠣᠯᠤᠭᠰᠠᠨ ᠪᠠᠶᠢᠨ᠎ᠠ᠃ | ᠲᠣᠰᠬᠤᠨ ᠤ ᠨᠠᠮ ᠤᠨ ᠬᠤᠷᠢᠶ᠎ᠠ ᠪᠠᠷᠢᠯᠭ᠎ᠠ ᠶᠢᠨ ᠬᠦᠴᠦᠨ ᠢᠶᠠᠨ ᠦᠳᠲᠡᠷ ᠲᠦᠷᠭᠡᠨ ᠨᠢᠭᠡᠳᠦᠯᠲᠡᠢ ᠲᠥᠯᠥᠪᠵᠢᠭᠦᠯᠵᠦ | ᠂ ᠠᠳᠠᠯᠢ ᠪᠤᠰᠤ ᠡᠪᠳᠡᠷᠡᠵᠦ ᠰᠦᠢᠳᠦᠭᠰᠡᠨ ᠪᠠᠶᠢᠳᠠᠯ ᠳᠤ ᠴᠢᠭᠯᠡᠭᠦᠯᠦᠨ ᠲᠦᠷᠦᠯ ᠬᠤᠪᠢᠶᠠᠨ ᠰᠡᠯᠪᠢᠨ ᠵᠠᠰᠠᠵᠠᠢ᠄ | ᠡᠪᠳᠡᠷᠡᠵᠦ ᠰᠦᠢᠳᠦᠭᠰᠡᠨ ᠳᠤᠰᠤᠯᠭᠠᠨ ᠤᠰᠤᠯᠠᠬᠤ ᠬᠤᠭᠤᠯᠠᠢ ᠲᠣᠣᠷ ᠢ ᠰᠣᠯᠢᠵᠤ᠂ ᠪᠦᠭᠯᠡᠷᠡᠭᠰᠡᠨ ᠬᠤᠭᠤᠯᠠᠢ | ᠲᠤᠤᠷ ᠢ ᠨᠡᠪᠲᠡᠷᠡᠭᠦᠯᠵᠦ᠂ ᠤᠰᠤᠨ ᠤ ᠰᠤᠪᠠᠭ ᠤᠨ ᠨᠤᠷᠠᠭᠰᠠᠨ ᠭᠠᠵᠠᠷ ᠢ ᠴᠢᠯᠠᠭᠤ ᠪᠠᠷ ᠪᠠᠬᠢᠯᠡᠬᠦ ᠶᠢᠨ ᠬᠠᠮᠲᠤ | ᠨᠡᠪᠴᠢᠬᠦ ᠶᠢ ᠰᠡᠷᠭᠡᠶᠢᠯᠡᠬᠦ ᠳᠠᠪᠬᠤᠷᠭ᠎ᠠ ᠶᠢ ᠰᠡᠯᠪᠢᠨ ᠵᠠᠰᠠᠪᠠ᠃ ᠨᠠᠮ ᠤᠨ ᠭᠡᠰᠢᠭᠦᠨ ᠺᠠᠳ᠋ᠷ ᠲᠦᠷᠦᠭᠦᠯᠡᠨ | ᠪᠠᠷᠢᠯᠭ᠎ᠠ ᠶᠢᠨ ᠲᠤᠬᠠᠢ ᠶᠢᠨ ᠲᠠᠯᠠᠪᠤᠷ ᠢ ᠰᠠᠬᠢᠵᠤ᠂ ᠲᠣᠰᠬᠤᠨ ᠤ ᠠᠷᠠᠳ ᠲᠠᠢ ᠬᠠᠮᠵᠢᠯᠴᠠᠨ ᠠᠵᠢᠯᠯᠠᠵᠤ᠂ ᠰᠢᠪᠠᠷ | ᠴᠡᠪᠡᠷᠯᠡᠨ᠂ ᠮᠠᠲ᠋ᠧᠷᠢᠶᠠᠯ ᠵᠥᠭᠡᠭᠡᠵᠦ᠂ ᠢᠨᠵᠧᠨᠧᠷᠢᠩ ᠤᠨ ᠠᠬᠢᠴᠠ ᠪᠣᠯᠤᠨ ᠶᠠᠰᠤ ᠴᠢᠨᠠᠷ ᠢ ᠪᠦᠬᠦ | ᠬᠦᠴᠦᠨ ᠢᠶᠠᠷ ᠢᠶᠠᠨ ᠪᠠᠲᠤᠯᠠᠪᠠ᠃ | ᠲᠣᠰ ᠤᠳᠠᠭᠠᠨ ᠤ ᠰᠡᠯᠪᠢᠨ ᠵᠠᠰᠠᠬᠤ ᠠᠵᠢᠯᠯᠠᠭ᠎ᠠ ᠨᠢ ᠪᠥᠬᠦ ᠲᠣᠰᠬᠤᠨ ᠤ ᠭᠤᠤᠯ ᠪᠣᠯᠬᠤ ᠲᠠᠷᠢᠵᠤ | ᠤᠷᠭᠤᠭᠤᠯᠬᠤ ᠣᠷᠣᠨ ᠪᠦᠰᠡ ᠶᠢ ᠬᠠᠮᠤᠷᠴᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠠᠲᠤᠯᠠᠭ᠎ᠠ ᠶᠢᠨ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠨᠠᠨ ᠬᠤᠸᠠᠩ ᠲᠣᠰᠬᠤᠨ ᠤ ᠨᠠᠮ ᠤᠨ ᠬᠤᠷᠢᠶ᠎ᠠ ᠢᠯᠡᠳᠬᠡᠭᠰᠡᠨ ᠨᠢ | ᠂ ᠲᠤᠰ ᠤᠳᠠᠭᠠᠨ ᠤ ᠰᠡᠯᠪᠢᠨ ᠵᠠᠰᠠᠯᠲᠠ ᠪᠠᠷ ᠠᠵᠠ ᠲᠣᠬᠢᠶᠠᠯ ᠪᠣᠯᠭᠠᠵᠤ᠂ ᠪᠠᠶᠢᠩᠭᠤ ᠶᠢᠨ ᠴᠢᠨᠠᠷᠲᠠᠢ ᠬᠠᠮᠢᠶᠠᠷᠤᠨ | ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ | ᠢᠨᠵᠧᠨᠧᠷᠢᠩ ᠢ ᠦᠨᠡᠨᠬᠦ ᠨᠠᠮ ᠪᠠ ᠤᠯᠠᠨ ᠲᠦᠮᠡᠨ ᠤ ︽ᠰᠡᠳᠬᠢᠯ ᠢᠶᠠᠨ ᠬᠤᠯᠪᠤᠬᠤ ᠬᠥᠭᠦᠷᠭᠡ︾ ᠪᠣᠯᠭᠠᠵᠤ᠂ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ ᠭᠡᠵᠡᠢ᠃ | |