ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠢᠦᠶ ᠵᠢᠩ ᠴᠦᠨ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠵᠢᠴᠢ ᠬᠤᠯᠪᠣᠭᠳᠠᠯ ᠪᠥᠬᠦᠶ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠳᠠᠭᠠᠭᠤᠯᠤᠨ᠂ ᠪᠥᠬᠦ ᠲᠣᠭᠤᠷᠢᠭ ᠤᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠥᠷᠨᠢᠭᠦᠯᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠠᠬᠢᠴᠠ ᠶᠢ ᠤᠶᠢᠯᠠᠭᠠᠨ᠂ ᠠᠰᠠᠭᠤᠳᠠᠯ ᠢ ᠢᠯᠡᠷᠡᠭᠦᠯᠦᠭᠰᠡᠨ ᠪᠥᠭᠡᠳ ᠬᠠᠯᠠᠨ | ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠤᠯᠤᠰ ᠤᠨ ᠥᠮᠴᠢᠯᠡᠯᠲᠦ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠪᠠ᠃ | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠭᠦᠸᠧ ᠱᠧᠨ ᠲᠣᠮᠣ ᠠᠰᠠᠷ ᠤᠨ ᠲᠥᠷᠥᠯ | ᠵᠦᠢᠯ᠂ ᠶᠤᠸᠠᠨ ᠪᠦᠦ ᠱᠠᠨ ᠲᠣᠭᠤᠷᠢᠭ ᠤᠨ ᠾᠢᠯᠲ᠋ᠤᠨ ᠪᠠᠭᠤᠳᠠᠯ ᠤᠨ ᠲᠥᠷᠥᠯ ᠵᠦᠢᠯ ᠪᠣᠯᠤᠨ ᠣᠶᠤᠨᠴᠢ | ᠦᠢᠯᠡᠳᠬᠦ ᠦᠢᠯᠡᠰ ᠤᠨ ᠬᠤᠲᠠ ᠶᠢᠨ ᠠᠭᠤᠰᠤᠯᠴᠠᠯ ᠤᠨ ᠲᠣᠭᠤᠷᠢᠭ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ | ᠪᠠᠶᠢᠰᠢᠩ ᠤᠨ ᠲᠥᠷᠥᠯ ᠵᠦᠢᠯ ᠳᠤ ᠬᠦᠷᠴᠦ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠢ ᠬᠡᠷᠡᠭᠵᠢᠭᠦᠯᠦᠭᠰᠡᠨ | ᠠᠬᠤᠢ ᠪᠠᠶᠢᠳᠠᠯ ᠵᠢᠴᠢ ᠠᠬᠢᠴᠠ ᠵᠡᠷᠭᠡ ᠪᠠᠶᠢᠳᠠᠯ ᠢ ᠣᠶᠢᠯᠠᠭᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠭᠤᠷᠪᠠᠨ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠥᠷᠥᠯ ᠵᠦᠢᠯ ᠢ ᠨᠠᠷᠢᠨ ᠬᠢᠨᠠᠮᠠᠭᠠᠶ | ᠬᠡᠷᠡᠭᠵᠢᠭᠦᠯᠦᠭᠰᠡᠨ ᠨᠢ ᠤᠯᠤᠰ ᠤᠨ ᠥᠮᠴᠢᠯᠡᠯᠲᠦ ᠰᠤᠯᠠ ᠪᠠᠶᠢᠬᠤ ᠡᠳ᠋ ᠬᠥᠷᠥᠩᠭᠡ ᠶᠢ ᠭᠥᠢᠯᠭᠡᠭᠡᠨ ᠲᠠᠢ | ᠪᠣᠯᠭᠠᠭᠰᠠᠨ ᠢᠶᠠᠷ ᠪᠠᠷᠠᠬᠤ ᠥᠬᠡᠶ ᠪᠠᠰᠠ ᠶᠤᠸᠠᠨ ᠪᠦᠦ ᠱᠠᠨ ᠤ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠲᠤ | ᠳᠥᠭᠦᠮ ᠳᠥᠲᠡ ᠠᠮᠢᠳᠤᠷᠠᠯ ᠤᠨ ᠦᠢᠯᠡᠴᠢᠯᠡᠭᠡ ᠬᠠᠩᠭᠠᠵᠤ᠂ ᠠᠵᠢᠯ ᠤᠯᠬᠤ ᠲᠣᠬᠢᠶᠠᠯ ᠢ ᠨᠡᠮᠡᠭᠳᠡᠭᠦᠯᠦᠨ᠂ ᠡᠷᠬᠢᠨ | ᠲᠣᠭᠤᠷᠢᠨ ᠤ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ | ᠪᠠᠶᠢᠨ᠎ᠠ ᠭᠡᠵᠡᠢ᠃ | | | | ᠳᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ | ᠤᠯᠤᠰ ᠤᠨ ᠥᠮᠴᠢᠯᠡᠯᠲᠦ ᠠᠵᠤ ᠠᠬᠤᠢ ᠶᠢᠨ ᠪᠠᠶᠢᠷᠢᠰᠢᠭᠤᠯᠤᠯᠲᠠ ᠶᠢᠨ ᠪᠦᠲᠦᠴᠡ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ᠂ ᠭᠤᠣᠯᠳᠠᠯᠭ᠎ᠠ ᠲᠠᠢ ᠬᠦᠷᠢᠶᠡᠨ ᠤ ᠪᠠᠲᠤᠯᠠᠭ᠎ᠠ᠂ ᠤᠯᠤᠰ ᠤᠨ | ᠥᠮᠴᠢᠯᠡᠯᠲᠦ ᠬᠦᠷᠦᠩᠬᠡ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ᠂ ᠤᠳᠤ ᠦᠶ᠎ᠡ ᠶᠢᠨ ᠺᠣᠮᠫᠠᠨᠢ ᠶᠢᠨ | ᠵᠠᠰᠠᠯᠲᠠ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠲᠣᠭᠲᠠᠴᠠ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠵᠡᠷᠭᠡ ᠤᠯᠠᠨ ᠲᠠᠯ᠎ᠠ ᠶᠢᠨ ᠪᠠᠶᠢᠳᠠᠯ ᠢ ᠨᠠᠷᠢᠨ | ᠣᠶᠢᠯᠠᠭᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠬᠤᠯᠠᠴᠢᠯᠠᠭᠰᠠᠨ ᠨᠢ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠢᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠲᠦᠢᠯ ᠤᠨ ᠴᠢᠬᠤᠯᠠ ᠦᠢᠯᠡᠳᠦᠯ ᠦᠵᠡᠭᠦᠯᠵᠦ | ᠪᠠᠶᠢᠨ᠎ᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠣᠯᠡᠮ ᠨᠢᠭᠡ ᠠᠯᠬᠤᠮ ᠴᠢᠩᠭᠠᠳᠬᠠᠵᠤ᠂ ᠠᠵᠤ | ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠪᠠᠲᠤᠯᠠᠬᠤ ᠬᠡᠷᠡᠭᠲᠡᠢ ᠭᠡᠵᠡᠢ᠃ ᠡᠭᠦᠨ ᠠᠴᠠ ᠭᠠᠳᠠᠨ᠎ᠠ᠂ ᠪᠠᠶᠢᠴᠠᠭᠠᠨ | ᠰᠤᠳᠤᠯᠬᠤ ᠳᠤᠭᠤᠶᠢᠯᠠᠩ ᠤᠨ ᠬᠢᠨ ᠪᠠᠰᠠ ᠤᠯᠤᠰ ᠤᠨ ᠥᠮᠴᠢᠯᠡᠯᠲᠦ ᠬᠦᠷᠦᠩᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ᠂ ᠲᠤᠬᠢᠷᠠᠭᠤᠯᠤᠯᠳᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠵᠠᠬ᠎ᠠ ᠳᠡᠯᠭᠡᠭᠦᠷᠴᠢᠯᠡᠭᠰᠡᠨ | ᠡᠵᠡᠩᠨᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ | ᠲᠣᠰ ᠤᠳᠠᠭᠠᠨ ᠤ ᠪᠠᠶᠢᠴᠠᠭᠠᠨ ᠰᠤᠳᠤᠯᠬᠤ ᠠᠵᠢᠯᠯᠠᠭ᠎ᠠ ᠶᠢ ᠥᠷᠨᠢᠭᠦᠯᠦᠭᠰᠡᠨ ᠨᠢ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦ ᠲᠤᠭᠤᠷᠢᠭ ᠤᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ | ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠦᠭᠰᠡᠨ ᠢᠶᠠᠷ ᠥᠯᠥ ᠪᠠᠷᠠᠨ ᠲᠠᠷᠠᠭᠠᠴᠢ ᠶᠢᠨ ᠠᠯᠬᠤᠮ ᠳᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ ᠳᠤ ᠬᠦᠴᠦᠲᠡᠶ ᠳᠡᠮᠵᠢᠯᠭᠡ | ᠬᠠᠩᠭᠠᠭᠰᠠᠨ ᠪᠠᠶᠢᠨ᠎ᠠ᠃ | |