︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾᠎ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/5/21
    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 19᠎ ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠤᠨᠤᠯ ᠤᠨ ᠴᠤᠪᠤᠷᠠᠯ︾᠎ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃    ᠲᠤᠰ ᠨᠣᠮ ᠤᠨ ᠠᠷᠪᠠᠨ ᠨᠢᠭᠡᠳᠦᠭᠡᠷ ᠡᠮᠬᠢᠳᠬᠡᠯ ᠠᠴᠠ ᠠᠷᠪᠠᠨ ᠲᠠᠪᠤᠳᠤᠭᠠᠷ ᠡᠮᠬᠢᠳᠬᠡᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ 2023 ᠣᠨ ᠤ 11 ᠰᠠᠷ᠎ᠠ ᠠᠴᠠ ᠨᠠᠭᠠᠰᠢᠬᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠭᠰᠡᠨ ᠪᠥᠭᠡᠳ ᠠᠷᠠᠳ ᠤᠨ ᠡᠳᠦᠷ ᠤᠨ ᠰᠣᠨᠢᠨ᠂ ︽ᠦᠨᠡᠨ︾ ᠰᠡᠳᠬᠦᠯ ᠵᠡᠷᠭᠡ ᠳᠤ ᠨᠡᠶᠢᠲᠡᠯᠡᠭᠰᠡᠨ ᠨᠡᠶᠢᠲᠡ 29 ᠰᠢᠷᠢᠰ ᠤᠨᠤᠯ ᠤᠨ ᠤᠬᠠᠭᠤᠯᠭ᠎ᠠ ᠶᠢᠨ ᠵᠣᠬᠢᠶᠠᠯ ᠢ ᠣᠷᠣᠭᠤᠯᠵᠤ᠂ ᠪᠠᠷᠤᠭ 23 ᠲᠦᠮᠡᠨ ᠦᠰᠦᠭ ᠲᠠᠢ᠃ ᠡᠳᠡᠭᠡᠷ ᠵᠣᠬᠢᠶᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠰᠢᠰᠲ᠋ᠧᠮᠵᠢᠭᠰᠡᠨ ᠰᠤᠳᠤᠯᠭᠠᠨ᠂ ᠶᠣᠰᠣ ᠵᠦᠢᠴᠢᠯᠡᠭᠰᠡᠨ ᠲᠠᠶᠢᠯᠪᠤᠷᠢᠯᠠᠯᠲᠠ ᠶᠢ ᠴᠢᠷᠮᠠᠶᠢᠨ ᠠᠬᠢᠭᠤᠯᠪᠠ᠃ ᠲᠤᠰ ᠨᠣᠮ ᠤᠨ ᠨᠢᠭᠡᠳᠦᠭᠡᠷ ᠡᠮᠬᠢᠳᠬᠡᠯ ᠠᠴᠠ ᠲᠠᠪᠤᠳᠤᠭᠠᠷ ᠡᠮᠬᠢᠳᠬᠡᠯ᠂ ᠵᠢᠷᠭᠤᠳᠤᠭᠠᠷ ᠡᠮᠬᠢᠳᠬᠡᠯ ᠠᠴᠠ ᠠᠷᠪᠠᠳᠤᠭᠠᠷ ᠡᠮᠬᠢᠳᠬᠡᠯ ᠢ ᠲᠤᠰ ᠲᠤᠰ 2020 ᠣᠨ᠂ 2023 ᠣᠨ ᠳᠤ ᠬᠡᠪᠯᠡᠨ ᠲᠠᠷᠬᠠᠭᠠᠪᠠ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1