ᠳᠠᠯ᠎ᠠ ᠭᠠᠷᠤᠢ ᠵᠢᠯ ᠤᠨ ᠠᠶᠠᠨ | ︽ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︾ | 5 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ | ᠯᠥᠸᠧᠶᠠᠩ ᠤᠨ ᠬᠤᠯᠬᠤᠪᠴᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ | ᠪᠠᠶᠢᠴᠠᠭᠠᠯᠲᠠ ᠬᠢᠪᠡ᠃ | ᠲᠤᠰ ᠺᠣᠮᠫᠠᠨᠢ ᠪᠣᠯ ︽ᠠᠩᠬᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ | ᠪᠠᠶᠢᠭᠤᠯᠤᠭᠳᠠᠭᠰᠠᠨ ᠤᠤᠯ ᠤᠨ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠪᠠᠶᠢᠵᠠᠢ᠃ 1954 ᠣᠨ ᠳᠤ᠂ | ᠲᠠᠷᠢᠶᠠᠨ ᠭᠠᠵᠠᠷ ᠲᠤ᠂ ᠯᠦᠸᠧᠶᠠᠩ ᠤᠨ ᠬᠤᠯᠬᠤᠪᠴᠢ ᠶᠢᠨ ᠦᠢᠯᠡᠳᠪᠦᠷᠢ ᠨᠢ ᠠᠩᠬᠠᠨ ᠤ ᠰᠢᠨᠵᠢᠯᠲᠡ ᠶᠢᠨ ᠲᠡᠮᠳᠡᠭ ᠢᠶᠠᠨ | ᠪᠣᠰᠬᠠᠪᠠ᠃ ᠲᠡᠷᠡ ᠨᠢ ᠰᠢᠨ᠎ᠡ ᠳᠤᠮᠳᠠᠳᠤ ᠤᠯᠤᠰ ᠤᠨ ᠠᠵᠤ ᠦᠢᠯᠡᠳᠪᠦᠷᠢᠵᠢᠯᠲᠡ ᠶᠢᠨ ᠬᠦᠰᠡᠯ ᠲᠡᠶᠢᠰᠢ | ᠤᠷᠤᠭᠰᠢᠯᠠᠭᠰᠠᠨ ᠤ ᠬᠠᠮᠤᠭ ᠤᠨ ᠠᠩᠬᠠᠨ ᠤ ᠦᠶ᠎ᠡ ᠭᠡᠵᠦ ᠬᠡᠯᠡᠵᠦ ᠪᠣᠯᠣᠨ᠎ᠠ᠃ ︽ᠠᠩᠬᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠮᠠᠨ ᠤ ᠤᠯᠤᠰ ᠤᠨ ᠭᠤᠣᠯᠳᠠᠯᠭ᠎ᠠ ᠪᠣᠯᠬᠤ 156 ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ 7 ᠨᠢ ᠯᠥᠸᠧᠶᠠᠩ ᠳᠤ ᠪᠠᠶᠢᠷᠢᠯᠠᠵᠤ᠂ ᠯᠥᠸᠧᠶᠠᠩ ᠤᠨ ᠬᠤᠯᠬᠤᠪᠴᠢ ᠶᠢᠨ | ᠦᠢᠯᠡᠳᠪᠦᠷᠢ ᠠᠴᠠ ᠭᠠᠳᠠᠨ᠎ᠠ ᠪᠠᠰᠠ ᠠᠭᠤᠷᠬᠠᠢ ᠶᠢᠨ ᠮᠧᠬᠠᠨᠢᠭ ᠤᠨ ᠦᠢᠯᠡᠳᠪᠦᠷᠢ᠂ ᠭᠠᠯ ᠳᠤ ᠳᠠᠭᠠᠭᠠᠮᠠᠭᠠᠢ | ᠮᠠᠲ᠋ᠧᠷᠢᠶᠠᠯ ᠤᠨ ᠦᠢᠯᠡᠳᠪᠦᠷᠢ᠂ ᠲᠷᠠᠺᠲ᠋ᠣᠷ ᠤᠨ ᠦᠢᠯᠡᠳᠪᠦᠷᠢ ᠵᠡᠷᠭᠡ ᠪᠠᠶᠢᠪᠠ᠃ ᠶᠡᠷᠦᠩᠬᠡᠢ ᠱᠦᠵᠢ ᠡᠳᠡᠭᠡᠷ ᠢ ᠲᠣᠪ | ᠲᠣᠳᠣᠷᠬᠠᠢ ᠮᠡᠳᠡᠵᠦ ᠪᠠᠶᠢᠨ᠎ᠠ᠃ | ᠡᠳᠡᠭᠡᠷ ᠠᠵᠤ ᠠᠬᠤᠶᠢᠯᠠᠯ ᠤᠳ ᠨᠢ ᠪᠦᠬᠦᠳᠡ ᠨᠠᠶᠢᠷᠠᠮᠳᠠᠬᠤ ᠤᠯᠤᠰ ᠤᠨ ᠬᠥᠭᠵᠢᠯᠲᠡ ᠶᠢᠨ ᠵᠠᠮ ᠢ ᠲᠠᠭᠠᠨ | ᠤᠷᠤᠭᠰᠢᠯᠠᠵᠤ᠂ ᠬᠡᠷᠡᠯ ᠰᠠᠴᠤᠷᠠᠩᠭᠤᠢ ᠠᠮᠵᠢᠯᠲᠠ ᠶᠢ ᠴᠤ ᠣᠯᠵᠤ ᠥᠩᠭᠡᠷᠡᠪᠡ᠂ ᠪᠦᠳᠦᠷᠢᠵᠦ ᠴᠦ ᠥᠩᠭᠡᠷᠡᠪᠡ᠂ ᠪᠠᠰᠠ | ᠬᠡᠳᠦᠨᠲᠡ ᠬᠠᠶᠢᠨ ᠰᠦᠪᠡᠭᠴᠢᠯᠡᠯ ᠬᠢᠵᠦ ᠴᠦ ᠥᠩᠭᠡᠷᠡᠯ᠎ᠡ᠃ ᠬᠤᠯᠬᠤᠪᠴᠢ ᠪᠣᠯ ᠠᠵᠤ ᠦᠢᠯᠡᠳᠪᠦᠷᠢ ᠶᠢᠨ ︽ᠦᠶ᠎ᠡ | ᠭᠡᠰᠢᠭᠦᠦ︾ ᠮᠥᠨ᠃ ︽ᠦᠨᠳᠦᠰᠦᠲᠡᠨ ᠤ ᠠᠵᠤ ᠦᠢᠯᠡᠳᠪᠦᠷᠢ ᠳᠠᠬᠢ ᠬᠤᠯᠬᠤᠪᠴᠢ ᠶᠢᠨ ᠠᠵᠤ ᠦᠢᠯᠡᠳᠪᠦᠷᠢ ᠶᠢᠨ | ᠨᠢᠷᠤᠭᠤ ᠶᠢ ᠭᠡᠳᠡᠶᠢᠯᠭᠡᠨ᠎ᠡ︾ ᠭᠡᠰᠡᠨ ᠯᠥᠸᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠲᠠᠩᠭᠠᠷᠢᠭ ᠲᠤ ᠡᠷᠡᠯᠬᠡᠭᠯᠡᠨ | ᠲᠡᠮᠡᠴᠡᠬᠦ ᠪᠠ ᠠᠤᠭ᠎ᠠ ᠵᠣᠷᠢᠭ ᠰᠡᠶᠢᠯᠦᠭᠡᠰᠦᠲᠡᠢ᠃ | ᠲᠡᠦᠬᠡ ᠶᠢᠨ ᠬᠤᠪᠢᠰᠤᠯᠲᠠ᠂ ᠣᠯᠠᠨ ᠤᠯᠤᠰ ᠤᠨ ᠬᠤᠭᠤᠷᠣᠨᠳᠣᠬᠢ ᠬᠠᠷᠢᠴᠠᠭᠤᠯᠤᠯ ᠨᠢ ᠨᠢᠭᠡᠨ ᠳ᠋ᠦᠩᠨᠡᠯᠲᠡ ᠶᠢ ᠮᠠᠰᠢ | ᠲᠣᠳᠣᠷᠬᠠᠢ ᠪᠣᠯᠭᠠᠵᠠᠢ᠃ ᠶᠡᠷᠦᠩᠬᠡᠢ ᠱᠦᠵᠢ᠄ ︽ᠪᠢᠳᠡ ᠪᠡᠶ᠎ᠡ ᠪᠠᠨ ᠳᠠᠭᠠᠭᠠᠵᠤ ᠠᠵᠤ ᠦᠢᠯᠡᠰ ᠢ ᠬᠥᠭᠵᠢᠭᠦᠯᠬᠦ ᠵᠠᠮ ᠢᠶᠠᠷ | ᠵᠠᠮᠨᠠᠬᠤ ᠶᠢ ᠪᠠᠷᠢᠮᠲᠠᠯᠠᠵᠤ᠂ ᠥᠪᠡᠷ ᠤᠨ ᠬᠦᠴᠦᠨ ᠳᠤ ᠪᠠᠨ ᠲᠦᠰᠢᠭᠯᠡᠨ ᠠᠵᠤ ᠦᠢᠯᠡᠳᠪᠦᠷᠢ᠂ ᠦᠢᠯᠡᠳᠬᠦ ᠦᠢᠯᠡᠰ ᠢ | ᠬᠥᠭᠵᠢᠭᠦᠯᠪᠡ᠂ ᠡᠨᠡ ᠵᠠᠮ ᠢᠶᠠᠷ ᠵᠠᠮᠨᠠᠭᠰᠠᠨ ᠨᠢ ᠵᠥᠪ ᠪᠠᠶᠢᠨ᠎ᠠ︕︾ ᠭᠡᠵᠦ ᠡᠷᠡᠰ ᠪᠠᠲᠤ ᠬᠡᠯᠡᠪᠡ᠃ | ᠡᠨᠡ ᠬᠦ ᠵᠠᠮ ᠶᠠᠪᠤᠬᠤ ᠲᠤᠳᠤᠮ ᠢᠶᠠᠨ ᠥᠷᠭᠡᠵᠢᠵᠦ᠂ ᠶᠠᠪᠤᠬᠤ ᠲᠤᠳᠤᠮ ᠢᠶᠠᠨ ᠪᠠᠲᠤᠵᠢᠪᠠ᠃ | ᠳᠤᠮᠳᠠᠳᠤ ᠤᠯᠤᠰ ᠦᠢᠯᠡᠳᠬᠦ ᠦᠢᠯᠡᠰ ᠢ ᠬᠥᠭᠵᠢᠭᠦᠯᠬᠦ ᠶᠢ ᠪᠠᠷᠢᠮᠲᠠᠯᠠᠬᠤ ᠡᠰᠡᠬᠦ ᠭᠡᠬᠦ ᠡᠨᠡ ᠬᠦ ᠠᠰᠠᠭᠤᠳᠠᠯ ᠳᠤ᠂ | ᠨᠠᠮ ᠤᠨ ᠲᠥᠪ ᠬᠤᠷᠢᠶᠠᠨ ᠤ ᠣᠪᠣᠷ ᠡᠷᠡᠰ ᠪᠠᠲᠤ ᠪᠠᠶᠢᠵᠤ᠂ ︽ᠳᠤᠮᠳᠠᠳᠤ ᠤᠯᠤᠰ ᠲᠤ ᠬᠡᠵᠢᠶ᠎ᠡ ᠴᠦ ᠭᠡᠰᠡᠨ ᠦᠢᠯᠡᠳᠬᠦ | ᠦᠢᠯᠡᠰ ᠳᠤᠲᠠᠭᠳᠠᠵᠤ ᠪᠣᠯᠬᠤ ᠦᠭᠡᠢ︾᠃ ᠪᠠᠶᠢᠯᠳᠤᠬᠤ ᠪᠣᠳᠣᠯᠭ᠎ᠠ ᠶᠢᠨ ᠭᠠᠷᠮᠠᠭᠠᠢ ᠬᠠᠷᠠᠴᠠ ᠨᠢ 14 ᠳ᠋ᠦᠩᠰᠢᠭᠤᠷ | ᠭᠠᠷᠤᠢ ᠬᠥᠮᠥᠨ ᠠᠮᠠ ᠲᠠᠢ ᠲᠣᠮᠣ ᠤᠯᠤᠰ ᠢ ᠬᠥᠲᠥᠯᠥᠨ ᠳᠠᠭᠠᠭᠤᠯᠵᠤ ᠤᠷᠳᠤ ᠬᠤᠭᠤᠴᠠᠭ᠎ᠠ ᠪᠠᠷ ᠪᠠᠶᠢᠷᠢᠰᠢᠭᠤᠯᠤᠨ | ᠬᠦᠴᠦᠯᠡᠭᠰᠡᠨ ᠤ ᠡᠷᠴᠢᠮ ᠳᠡᠭᠡᠷ᠎ᠡ ︽ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦ᠂ ᠤᠯᠤᠰ ᠢᠶᠠᠨ | ᠬᠦᠴᠦᠷᠬᠡᠭᠵᠢᠭᠦᠯᠬᠦ ᠶᠢᠨ ᠰᠠᠭᠤᠷᠢ︾ ᠶᠢ ᠠᠯᠬᠤᠮ ᠠᠯᠬᠤᠮ ᠢᠶᠠᠷ ᠪᠠᠬᠢᠵᠢᠭᠦᠯᠪᠡ᠃ | ᠤᠯᠤᠰ ᠠᠷᠠᠳ ᠤᠨ ᠠᠵᠤ ᠠᠬᠤᠢ ᠶᠢᠨ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ᠂ ᠦᠢᠯᠡᠳᠬᠦ ᠦᠢᠯᠡᠰ ᠤᠨ | ᠦᠰᠦᠷᠦᠯᠲᠡ ᠨᠢ ᠶᠠᠭᠤᠨ ᠳᠤ ᠲᠦᠰᠢᠭᠯᠡᠳᠡᠭ ᠪᠤᠢ︖ | ᠨᠢᠭᠡ ᠬᠠᠷᠢᠭᠤᠯᠲᠠ ᠨᠢ ᠭᠡᠪᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠶᠠᠪᠤᠳᠠᠯ ᠪᠣᠯᠣᠨ᠎ᠠ᠃ | ᠠᠶᠠᠨ ᠵᠠᠮ ᠳᠠᠭᠤᠰᠤᠰᠢ ᠦᠭᠡᠢ᠃ ᠰᠢᠨ᠎ᠡ ᠶᠢ ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ | ᠵᠣᠯᠭᠠᠭᠤᠯᠬᠤ ᠳᠤ᠂ ︽ᠦᠢᠯᠡᠳᠴᠦ ᠳᠡᠶᠢᠯᠬᠦ︾ ᠠᠴᠠ ︽ᠨᠠᠷᠢᠯᠢᠭ ᠦᠢᠯᠡᠳᠬᠦ︾ ᠬᠦᠷᠲᠡᠯ᠎ᠡ᠂ ︽ᠶᠡᠭᠡ︾ | ᠪᠠᠶᠢᠭᠰᠠᠨ ᠠᠴᠠ ᠨᠢ ︽ᠬᠦᠴᠦᠷᠬᠡᠭ︾ ᠪᠣᠯᠭᠠᠨ ᠬᠤᠪᠢᠷᠠᠭᠤᠯᠬᠤ ᠬᠦᠷᠲᠡᠯ᠎ᠡ᠂ ᠠᠯᠬᠤᠮ ᠪᠦᠷᠢ ᠳᠤ ᠴᠥᠮ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠪᠠᠶᠢᠬᠤ ᠶᠤᠮ᠃ | ᠡᠭᠦᠨ ᠤ ᠲᠤᠬᠠᠢ ᠶᠡᠷᠦᠩᠬᠡᠢ ᠱᠦᠵᠢ ᠰᠢ ᠶᠢᠨ ᠫᠢᠩ ᠮᠠᠰᠢ ᠭᠦᠨ ᠲᠥᠷᠥᠭᠳᠡᠯ ᠲᠠᠢ ᠪᠢᠯᠡ᠃ | ︽ᠣᠳᠣ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠷᠴᠢᠮᠵᠢᠭᠦᠯᠬᠦ ᠠᠴᠠ | ᠰᠠᠯᠵᠤ ᠴᠢᠳᠠᠬᠤ ᠦᠭᠡᠢ᠂ ᠮᠡᠷᠭᠡᠵᠢᠯ ᠤᠨ ᠰᠢᠪᠲᠤᠯᠤᠯᠲᠠ ᠶᠢ ᠶᠡᠭᠡ ᠪᠠᠷ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ︾ ᠭᠡᠬᠦ ᠦᠭᠡ ᠨᠢ ᠪᠢᠳᠡᠨ ᠳᠤ ᠴᠢᠭᠯᠡᠯ ᠢ ᠵᠢᠭᠠᠵᠤ ᠥᠭᠴᠦ ᠪᠠᠶᠢᠨ᠎ᠠ | ᠃ | ᠰᠢᠨ᠎ᠡ ᠶᠢ ᠡᠭᠦᠳᠬᠦ ᠳᠤ ᠰᠠᠭᠠᠳ ᠲᠣᠳᠬᠠᠷ᠂ ᠲᠤᠬᠰᠢᠨ ᠤᠷᠤᠰᠬᠠᠯ᠂ ᠠᠶᠤᠯ ᠲᠦᠭᠰᠢᠭᠦᠷᠢ ᠳᠤ ᠤᠴᠠᠷᠠᠬᠤ ᠨᠢ | ᠵᠠᠶᠢᠯᠠᠰᠢ ᠦᠭᠡᠢ ᠶᠤᠮ᠃ ᠭᠠᠭᠴᠠ ᠬᠦ ᠴᠢᠭᠯᠡᠯ ᠢᠶᠠᠨ ᠵᠥᠪ ᠲᠠᠨᠢᠵᠤ᠂ ᠴᠤᠴᠠᠯᠲᠠ ᠦᠭᠡᠢ ᠤᠷᠤᠭᠰᠢᠯᠠᠬᠤ ᠡᠷᠡᠯᠬᠡᠭ ᠵᠣᠷᠢᠭ᠂ | ᠨᠤᠭᠤᠷᠠᠯ ᠳᠤ ᠤᠴᠠᠷᠠᠬᠤ ᠲᠤᠳᠤᠮ ᠢᠶᠠᠨ ᠵᠣᠷᠢᠭᠯᠠᠬᠤ ᠪᠠᠨ ᠪᠠᠷᠢᠮᠲᠠᠯᠠᠪᠠᠯ ᠰᠠᠶ᠋ᠢ ᠰᠠᠯᠬᠢ ᠳᠠᠪᠠᠯᠭᠠᠨ ᠢ ᠰᠥᠷᠦᠨ | ᠤᠷᠤᠭᠰᠢᠯᠠᠵᠤ ᠴᠢᠳᠠᠨ᠎ᠠ᠃ | ᠡᠨᠡ ᠨᠢ ᠮᠥᠨ ᠴᠦ ᠳᠤᠮᠳᠠᠳᠤ ᠤᠯᠤᠰ ᠤᠨ ᠶᠠᠪᠤᠵᠤ ᠥᠩᠭᠡᠷᠡᠭᠰᠡᠨ ᠵᠠᠮ ᠪᠣᠯᠣᠨ᠎ᠠ᠃ | ᠪᠠᠰᠠ ᠨᠢᠭᠡ ᠬᠠᠷᠢᠭᠤᠯᠲᠠ ᠨᠢ ᠭᠡᠪᠡᠯ᠂ ᠴᠢᠳᠠᠪᠤᠷᠢᠲᠠᠨ ᠤ ᠲᠤᠯᠭᠠᠭᠤᠷᠢᠯᠠᠯ ᠪᠣᠯᠣᠨ᠎ᠠ᠃ | ᠯᠦᠸᠧᠶᠠᠩ ᠤᠨ ᠬᠤᠯᠬᠤᠪᠴᠢ ᠶᠢᠨ ᠦᠢᠯᠡᠳᠪᠦᠷᠢ ᠶᠢᠨ ᠬᠠᠷᠢᠭᠤᠴᠠᠯᠭᠠᠲᠠᠨ ᠬᠠᠷᠢᠭᠤ ᠮᠡᠳᠡᠭᠦᠯᠬᠦ ᠳᠤ ᠪᠠᠨ᠂ | ᠲᠤᠬᠠᠢ ᠶᠢᠨ ᠭᠠᠵᠠᠷ ᠤᠨ ︽ᠨᠢᠭᠡ ᠦᠢᠯᠡᠳᠪᠦᠷᠢ ᠨᠢᠭᠡ ᠭᠠᠵᠠᠷ ᠨᠢᠭᠡ ᠰᠤᠷᠭᠠᠭᠤᠯᠢ ᠨᠢᠭᠡ ᠬᠦᠷᠢᠶᠡᠯᠡᠩ︾ ᠤᠨ ᠬᠡᠪ | ᠵᠠᠭᠪᠤᠷ ᠨᠢ ᠬᠤᠯᠬᠤᠪᠴᠢ ᠶᠢᠨ ᠠᠵᠢᠯ ᠲᠥᠷᠥᠯ ᠤᠨ ᠬᠥᠭᠵᠢᠯᠲᠡ ᠶᠢ ᠬᠦᠴᠦᠲᠡᠢ ᠠᠬᠢᠭᠤᠯᠤᠭᠰᠠᠨ ᠪᠠᠶᠢᠨ᠎ᠠ ᠭᠡᠵᠡᠢ᠂ | ᠶᠡᠷᠦᠩᠬᠡᠢ ᠱᠦᠵᠢ ᠡᠭᠦᠨ ᠤ ᠲᠤᠬᠠᠢ᠄ ︽ᠠᠳᠡ ᠬᠤᠯᠬᠤᠪᠴᠢ ᠶᠢᠨ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠬᠢ ᠠᠮᠢ | ᠠᠬᠤᠢ ᠰᠠᠶᠢᠨ ᠪᠠᠶᠢᠳᠠᠭ ᠨᠢ ᠳᠠᠷᠤᠢ ᠦᠢᠯᠡᠳᠪᠦᠷᠢᠯᠡᠯ ᠵᠢᠭᠠᠯᠲᠠ ᠰᠤᠷᠭᠠᠯᠲᠠ ᠰᠤᠳᠤᠯᠤᠯ ᠢ ᠨᠢᠭᠡ ᠴᠣᠭᠴᠠᠵᠢᠭᠤᠯᠤᠭᠰᠠᠨ ᠳᠤ | ᠪᠠᠶᠢᠨ᠎ᠠ︾ ᠭᠡᠵᠦ ᠨᠤᠲᠠᠯᠠᠪᠠ᠃ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠪᠣᠯ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠦᠰᠢᠭ ᠲᠤᠯᠭᠠᠭᠤᠷᠢ | ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ | ᠲᠣᠭᠲᠠᠭᠠᠯ︾ ᠳᠤ ︽ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ᠎ᠠ︾ | ᠭᠡᠵᠦ ᠳᠤᠷᠠᠳᠪᠠ᠃ ᠰᠠᠭᠠᠳ ᠲᠣᠳᠬᠠᠷ ᠢ ᠤᠯᠠᠮ ᠨᠢᠭᠡ ᠠᠯᠬᠤᠮ ᠡᠪᠳᠡᠵᠦ᠂ ᠬᠠᠮᠵᠢᠯᠴᠠᠨ ᠬᠤᠪᠢᠰᠬᠠᠬᠤ ᠶᠢ ᠠᠬᠢᠭᠤᠯᠵᠤ᠂ | ᠡᠯ᠎ᠡ ᠭᠠᠵᠠᠷ ᠤᠨ ᠬᠢᠨ ᠬᠦᠷ ᠬᠥᠭᠵᠢᠶᠡᠨ ᠲᠠᠢ ᠠᠬᠢᠭᠤᠯᠵᠤ ᠪᠣᠢ᠃ | |