ᠲᠠᠪᠤ ᠲᠠᠪᠤᠨ ᠵᠢᠯ ᠤᠨ ᠦᠷᠭᠦᠯᠵᠢᠯᠡᠯ | ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ | ᠬᠡᠷᠡᠭᠲᠡᠢ︾ | 20 ᠤ ᠡᠳᠦᠷ ᠤᠨ ᠦᠳᠡ ᠶᠢᠨ ᠡᠮᠦᠨᠡᠬᠢ ᠾᠧᠨᠠᠨ ᠮᠤᠵᠢ ᠶᠢᠨ ᠨᠠᠮ ᠤᠨ ᠬᠤᠷᠢᠶ᠎ᠠ ᠪᠠ ᠮᠤᠵᠢ ᠶᠢᠨ ᠵᠠᠰᠠᠭ ᠤᠨ | ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠲᠠᠪᠤᠨ | ᠵᠢᠯ ᠤᠨ ᠲᠥᠯᠦᠪᠵᠢᠭᠦᠯᠭᠡ ᠶᠢᠨ ᠲᠤᠬᠠᠢ ᠶᠠᠷᠢᠬᠤ ᠳᠤ ᠪᠠᠨ᠄ ︽ᠡᠨᠡ ᠨᠢ ᠦᠨᠡᠨ ᠳᠤ ᠪᠠᠨ ᠳᠤᠮᠳᠠᠳᠤ ᠤᠯᠤᠰ ᠤᠨ ᠨᠢᠭᠡᠨ | ᠣᠨᠴᠠᠯᠢᠭ ᠶᠤᠮ᠃ ᠪᠢᠳᠡ ᠪᠠᠶᠢᠴᠠᠭᠠᠨ ᠰᠤᠳᠤᠯᠤᠭᠰᠠᠨ ᠤ ᠰᠠᠭᠤᠷᠢᠨ ᠳᠡᠭᠡᠷ᠎ᠡ ᠠᠷᠠᠳ ᠤᠨ ᠰᠠᠨᠠᠭ᠎ᠠ ᠶᠢ ᠭᠦᠢᠴᠡᠳ | ᠬᠦᠨᠳᠦᠳᠬᠡᠭᠰᠡᠨ ᠪᠥᠭᠡᠳ ᠪᠣᠳᠠᠲᠤ ᠪᠠᠶᠢᠳᠠᠯ ᠳᠤ ᠨᠡᠶᠢᠴᠡᠭᠰᠡᠨ ᠪᠦᠬᠦ ᠲᠠᠯ᠎ᠠ ᠶᠢᠨ ᠰᠢᠰᠲ᠋ᠧᠮ ᠲᠠᠢ ᠲᠥᠯᠦᠪᠵᠢᠭᠦᠯᠭᠡ ᠶᠢ | ᠳᠤᠷᠠᠳᠤᠭᠰᠠᠨ ᠢᠶᠠᠷ ᠦᠯᠦ ᠪᠠᠷᠠᠮ ᠮᠠᠰᠢ ᠬᠦᠴᠦᠲᠡᠢ ᠬᠡᠷᠡᠭᠵᠢᠭᠦᠯᠬᠦ ᠬᠦᠴᠦᠨ ᠢᠶᠠᠷ ᠡᠳᠡᠭᠡᠷ ᠲᠥᠯᠦᠪᠵᠢᠭᠦᠯᠭᠡ ᠶᠢ | ᠨᠠᠶᠢᠳᠠᠪᠤᠷᠢᠵᠢᠭᠤᠯᠵᠤ ᠪᠠᠶᠢᠨ᠎ᠠ︾ ᠭᠡᠵᠡᠢ᠃ | ︽ᠨᠠᠮ ᠤᠨ ᠲᠥᠪ ᠬᠤᠷᠢᠶᠠᠨ ᠤ ᠶᠡᠷᠦᠩᠬᠡᠢ ᠵᠢᠯᠣᠭᠤᠳᠤᠯᠭ᠎ᠠ ᠶᠢᠨ ᠶᠡᠭᠡ ᠪᠠᠶᠢᠳᠠᠯ ᠳᠣᠣᠷ᠎ᠠ᠂ ᠡᠯ᠎ᠡ ᠭᠠᠵᠠᠷ | ᠣᠷᠣᠨ ᠤ ᠬᠢᠨ ᠪᠤᠰᠤᠳ ᠢ ᠳᠠᠭᠠᠬᠤ ᠪᠠ ᠳᠥᠭᠦᠮᠬᠡᠨ ᠢᠶᠠᠷ ᠳᠠᠭᠤᠷᠢᠶᠠᠵᠤ ᠪᠣᠯᠬᠤ ᠦᠭᠡᠢ᠂ ᠥᠪᠡᠷ ᠤᠨ ᠢᠶᠠᠨ | ᠳᠠᠪᠠᠭᠤᠯᠢᠭ ᠨᠢ ᠬᠠᠮᠢᠭ᠎ᠠ ᠪᠠᠶᠢᠬᠤ᠂ ᠬᠡᠷᠬᠢᠨ ᠳᠠᠪᠠᠭᠤᠯᠢᠭ ᠢ ᠨᠢ ᠠᠪᠴᠤ ᠳᠤᠲᠠᠭᠳᠠᠯ ᠢᠶᠠᠨ ᠨᠥᠬᠦᠬᠦ᠂ ᠬᠡᠷᠬᠢᠨ ᠰᠠᠶᠢᠨ ᠢᠶᠠᠨ | ᠪᠠᠳᠠᠷᠠᠭᠤᠯᠤᠨ ᠰᠢᠭᠠᠷᠤ ᠪᠠᠨ ᠲᠡᠪᠴᠢᠬᠦ ᠶᠢ ᠪᠣᠳᠣᠬᠤ ᠬᠡᠷᠡᠭᠲᠡᠢ᠃︾ ᠶᠡᠷᠦᠩᠬᠡᠢ ᠱᠦᠵᠢ ᠰᠢ ᠶᠢᠨ ᠫᠢᠩ ᠠᠷᠭ᠎ᠠ ᠶᠢᠨ | ᠤᠨᠤᠯ ᠤᠨ ᠲᠤᠬᠠᠢ ᠢᠩᠭᠢᠵᠦ ᠶᠠᠷᠢᠪᠠ᠃ | ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷᠡᠬᠢ ᠵᠠᠩᠭᠢᠯᠠᠭ᠎ᠠ ᠪᠣᠯᠬᠤ ᠬᠤᠶᠠᠷ ᠪᠠᠳᠠᠭ ᠦᠭᠡᠰ ᠨᠢ ᠪᠦᠬᠦ ᠲᠠᠯ᠎ᠠ ᠶᠢᠨ ᠪᠠ | ᠣᠷᠣᠨ ᠪᠦᠰᠡ ᠶᠢᠨ ᠲᠠᠯ᠎ᠠ ᠪᠠᠷ ᠬᠢ ᠬᠤᠪᠢᠰᠤᠩᠭᠤᠢ ᠡᠵᠡᠮᠳᠡᠯ ᠢ ᠠᠮᠢᠳᠤᠯᠢᠭ ᠢᠶᠠᠷ ᠬᠠᠷᠠᠭᠤᠯᠵᠠᠢ᠃ | ᠵᠠᠩᠭᠢᠯᠠᠭ᠎ᠠ ᠪᠣᠯᠬᠤ ᠨᠢᠭᠡᠳᠦᠭᠡᠷ ᠪᠠᠳᠠᠭ ᠦᠭᠡᠰ ᠨᠢ ᠴᠢᠨᠠᠷ ᠰᠠᠶᠢᠲᠠᠢ ᠬᠥᠭᠵᠢᠯᠲᠡ ᠪᠣᠯᠣᠨ᠎ᠠ᠃ ᠣᠳᠣᠬᠠᠨ ᠤ ᠰᠠᠭᠠᠳ | ᠲᠣᠳᠬᠠᠷ ᠢ ᠠᠷᠢᠯᠭᠠᠬᠤ ᠶᠢ ᠴᠢᠬᠤᠯᠠᠴᠢᠯᠠᠬᠤ ᠪᠠᠷ ᠪᠠᠷᠠᠬᠤ ᠦᠭᠡᠢ ᠪᠠᠰᠠ ᠠᠯᠤᠰ ᠬᠡᠳᠤ ᠶᠢᠨ ᠤᠶᠠᠨ ᠬᠠᠳᠠᠨ ᠴᠢᠨᠠᠷ ᠢᠶᠠᠨ | ᠪᠠᠲᠤᠳᠬᠠᠬᠤ ᠶᠢ ᠠᠩᠬᠠᠷᠬᠤ ᠬᠡᠷᠡᠭᠲᠡᠢ᠃ | ︽ᠡᠨᠡ ᠵᠢᠯ ᠤᠨ ᠪᠤᠭᠤᠳᠠᠢ ᠶᠢᠨ ᠲᠠᠷᠢᠮᠠᠯ ᠤᠨ ᠲᠠᠯᠠᠪᠠᠶ ᠨᠢ ᠨᠡᠮᠡᠭᠳᠡᠭᠰᠡᠨ ᠦᠦ᠂ ᠲᠣᠭᠲᠠᠭᠤᠨ ᠦᠦ᠂ ᠪᠠᠭᠤᠷᠠᠭᠰᠠᠨ ᠦᠦ︖ | ᠡᠨᠡ ᠤᠳᠠᠭ᠎ᠠ ᠶᠢᠨ ᠭᠠᠩ ᠤᠨ ᠪᠠᠶᠢᠳᠠᠯ ᠲᠠ ᠨᠠᠷ ᠤᠨ ᠬᠤᠷᠢᠶᠠᠯᠲᠠ ᠶᠢ ᠨᠥᠯᠥᠭᠡᠯᠡᠭᠰᠡᠨ ᠦᠦ ᠦᠭᠡᠢ ᠦᠦ︖︾ ᠡᠨᠡ ᠨᠢ | ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢᠨ ᠲᠣᠭᠲᠠᠭᠤᠨ ᠤ ᠲᠤᠬᠠᠢ ᠪᠣᠳᠣᠯᠬᠢᠯᠠᠯ ᠪᠣᠯᠣᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ | ᠥᠷᠭᠡᠳᠬᠡᠭᠰᠡᠨ ᠪᠠᠶᠢᠳᠠᠯ ᠤᠨ ᠲᠤᠬᠠᠢ ᠮᠤᠵᠢ ᠶᠢᠨ ᠬᠠᠷᠢᠭᠤ ᠮᠡᠳᠡᠭᠦᠯᠦᠯᠲᠡ ᠶᠢ ᠰᠣᠨᠣᠰᠤᠮᠠᠭᠴᠠ᠄ ︽ᠾᠧᠨᠠᠨ ᠤ | ᠲᠤᠬᠠᠢ ᠶᠢᠨ ᠦᠶ᠎ᠡ ᠳᠠᠬᠢ ᠶᠠᠳᠠᠭᠤ ᠬᠦᠴᠢᠷᠳᠡᠯᠲᠡᠢ ᠬᠥᠮᠥᠨ ᠠᠮᠠ ᠬᠡᠳᠦᠢ ᠪᠠᠶᠢᠭᠰᠠᠨ ᠪᠤᠢ︖︾ ᠭᠡᠵᠦ ᠠᠰᠠᠭᠤᠪᠠ᠃ | ᠡᠨᠡ ᠨᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠲᠤᠬᠠᠢ ᠨᠠᠷᠢᠨ ᠵᠦᠢᠯᠡᠰ ᠢ ᠠᠩᠬᠠᠷᠴᠤ ᠪᠠᠶᠢᠭ᠎ᠠ | ᠶᠠᠪᠤᠳᠠᠯ ᠪᠣᠯᠣᠨ᠎ᠠ᠃ | ︽ᠠᠮᠢ ᠠᠬᠤᠢ ᠶᠢ ᠬᠠᠮᠠᠭᠠᠯᠠᠬᠤ ᠨᠢ ᠴᠡᠴᠡᠭ ᠤᠨ ᠬᠦᠷᠢᠶᠡᠯᠡᠩ᠂ ᠴᠡᠴᠡᠷᠯᠢᠭ ᠪᠠᠶᠢᠭᠤᠯᠬᠤ ᠶᠢ ᠯᠠ ᠬᠡᠯᠡᠵᠦ ᠪᠠᠶᠢᠬᠤ | ᠪᠢᠰᠢ᠃︾ ᠡᠨᠡ ᠨᠢ ᠦᠨᠡᠨ ᠠᠴᠠ ᠵᠥᠪ ᠢ ᠡᠷᠢᠬᠦ ᠶᠢ ᠰᠤᠷᠲᠠᠯᠴᠢᠯᠠᠭᠰᠠᠨ ᠪᠠᠶᠢᠨ᠎ᠠ᠃ | ︽ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠢᠶᠠᠨ ᠠᠵᠢᠯ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠬᠦ | ᠬᠡᠷᠡᠭᠲᠡᠢ᠃︾ ᠭᠡᠵᠦ ᠶᠡᠷᠦᠩᠬᠡᠢ ᠱᠦᠵᠢ ᠭᠦᠨ ᠰᠡᠳᠬᠢᠯᠭᠡ ᠲᠠᠢ ᠪᠠᠷ ᠬᠡᠯᠡᠪᠡ᠃ ᠴᠢᠨᠠᠷ ᠰᠠᠶᠢᠲᠠᠢ ᠬᠥᠭᠵᠢᠯᠲᠡ ᠶᠢᠨ | ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠬᠤ ᠪᠣᠯ ᠣᠳᠣᠬᠠᠨ ᠳᠠᠬᠢ ᠰᠠᠭᠠᠳ | ᠣᠯᠠᠨᠲᠠᠢ ᠪᠠᠶᠢᠳᠠᠯ ᠢ ᠪᠦᠲᠦᠮᠵᠢᠲᠡᠢ ᠠᠷᠭᠠᠴᠠᠭᠠᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠣᠨ᠎ᠠ᠂ ᠦᠨᠡᠨ ᠢ ᠬᠡᠯᠡᠪᠡᠯ | ᠣᠷᠣᠨ ᠪᠦᠰᠡ ᠨᠢᠭᠡ ᠪᠦᠷᠢ ᠨᠢ ᠬᠥᠭᠵᠢᠯᠲᠡ ᠶᠢᠨ ᠰᠡᠳᠦᠪ ᠪᠣᠯᠭᠠᠨ ᠢ ᠬᠠᠷᠢᠭᠤᠯᠬᠤ ᠳᠤ ᠪᠠᠨ ᠴᠥᠮ ᠨᠡᠩ ᠪᠣᠳᠠᠲᠠᠢ᠂ ᠨᠡᠩ | ᠬᠢᠨᠠᠮᠠᠭᠠᠢ ᠪᠠᠶᠢᠬᠤ ᠬᠡᠷᠡᠭᠲᠡᠢ᠃ | ᠵᠠᠩᠭᠢᠯᠠᠭ᠎ᠠ ᠪᠣᠯᠬᠤ ᠬᠤᠶᠠᠳᠤᠭᠠᠷ ᠦᠭᠡᠰ ᠨᠢ ᠰᠠᠶᠢᠨ ᠦᠷ᠎ᠡ ᠪᠦᠲᠦᠮᠵᠢ ᠲᠠᠢ ᠵᠠᠰᠠᠯᠲᠠ ᠪᠣᠯᠣᠨ᠎ᠠ᠃ | ︽ᠾᠧᠨᠠᠨ ᠤ ᠬᠥᠮᠥᠨ ᠠᠮᠠ ᠶᠢᠨ ᠶᠡᠷᠦᠩᠬᠡᠢ ᠲᠤᠭ᠎ᠠ᠂ ᠬᠥᠮᠥᠨ ᠠᠮᠠ ᠶᠢᠨ ᠨᠢᠭᠲᠠᠴᠠ᠂ ᠬᠥᠮᠥᠨ ᠠᠮᠠ ᠶᠢᠨ | ᠰᠢᠯᠵᠢᠯᠲᠡ ᠶᠢᠨ ᠬᠡᠮᠵᠢᠶ᠎ᠡ ᠴᠥᠮ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ ᠪᠥᠭᠡᠳ ᠣᠯᠠᠨ | ᠶᠠᠩᠵᠤ ᠶᠢᠨ ᠪᠠᠶᠢᠳᠠᠭ ᠪᠣᠯᠬᠤᠷ ᠨᠡᠶᠢᠭᠡᠮ ᠤᠨ ᠵᠠᠰᠠᠯᠲᠠ ᠶᠢ ᠡᠷᠬᠡᠪᠰᠢ ᠯᠠᠪᠳᠠᠭᠤᠨ ᠪᠠᠲᠤᠲᠠᠢ ᠪᠠᠷ ᠴᠢᠩᠭᠠᠳᠬᠠᠬᠤ ᠬᠡᠷᠡᠭᠲᠡᠢ᠃ | ︾ | ᠳᠦᠷᠢᠮ ᠤᠨ ᠳᠠᠪᠠᠭᠤᠯᠢᠭ ᠢ ᠬᠡᠷᠬᠢᠨ ᠵᠠᠰᠠᠯᠲᠠ ᠶᠢᠨ ᠪᠦᠲᠦᠮᠵᠢ ᠪᠣᠯᠭᠠᠨ ᠬᠤᠪᠢᠷᠠᠭᠤᠯᠬᠤ ᠪᠤᠢ︖ ᠦᠨᠳᠦᠰᠦ ᠶᠢ | ᠪᠠᠬᠢᠵᠢᠭᠦᠯᠦᠨ ᠰᠠᠭᠤᠷᠢ ᠶᠢ ᠪᠠᠲᠤᠳᠬᠠᠬᠤ ᠳᠤ ᠠᠩᠬᠠᠷᠤᠯ ᠲᠥᠪᠯᠡᠷᠡᠭᠦᠯᠬᠦ ᠪᠠᠷ᠂ ᠶᠡᠷᠦᠩᠬᠡᠢ ᠱᠦᠵᠢ | ᠴᠢᠬᠤᠯᠠᠴᠢᠯᠠᠬᠤ ᠳᠤ ᠪᠠᠨ᠄ ︽ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ | ᠵᠠᠰᠠᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠶᠢᠨ ᠰᠢᠨ᠎ᠡ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠰᠢᠨ᠎ᠡ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠳ ᠲᠤ ᠨᠠᠮ ᠤᠨ ᠪᠠᠶᠢᠭᠤᠯᠤᠯᠲᠠ ᠶᠢᠨ | ᠠᠵᠢᠯ ᠢ ᠴᠢᠩᠭᠠᠳᠬᠠᠬᠤ ᠬᠡᠷᠡᠭᠲᠡᠢ︾ ᠭᠡᠵᠦ ᠴᠢᠬᠤᠯᠠᠴᠢᠯᠠᠪᠠ᠃ᠰᠢᠨ᠎ᠡ ᠴᠠᠭ ᠦᠶ᠎ᠡ ᠳᠠᠬᠢ ︽ᠹᠧᠩᠴᠢᠶᠣᠣ ᠶᠢᠨ | ᠲᠤᠷᠰᠢᠯᠭ᠎ᠠ︾ ᠶᠢᠨ ᠠᠮᠢᠵᠢᠷᠠᠯ ᠤᠨ ᠬᠦᠴᠦᠨ ᠢ ᠨᠢ ᠬᠡᠷᠬᠢᠨ ᠪᠠᠳᠠᠷᠠᠭᠤᠯᠬᠤ ᠪᠤᠢ︖ ︽ᠳᠣᠲᠣᠷ᠎ᠠ ᠪᠠᠨ ᠲᠤᠭ᠎ᠠ ᠲᠠᠢ | ᠪᠠᠶᠢᠵᠤ᠂ ᠤᠷᠢᠳ ᠠᠴᠠ ᠪᠡᠯᠡᠳᠬᠡᠯ ᠰᠠᠶᠢᠨ ᠬᠢᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠡᠷᠡᠭᠲᠡᠢ᠂ ᠬᠠᠷᠢᠨ ᠬᠡᠷᠡᠭ | ᠭᠠᠷᠤᠭᠰᠠᠨ ᠤ ᠳᠠᠷᠠᠭ᠎ᠠ ᠰᠠᠶ᠋ᠢ ᠠᠵᠢᠯ ᠢᠶᠠᠨ ᠴᠢᠩᠭᠠᠳᠬᠠᠬᠤ ᠭᠡᠳ ᠪᠣᠯᠬᠤ ᠦᠭᠡᠢ᠂ ᠭᠠᠯ ᠤᠨᠲᠠᠷᠠᠭᠠᠬᠤ ᠠᠩᠭᠢ ᠶᠢᠨ | ᠳᠠᠷᠤᠭ᠎ᠠ ᠪᠣᠯᠣᠭᠠᠳ ᠪᠠᠶᠢᠵᠤ ᠪᠣᠯᠬᠤ ᠦᠭᠡᠢ︾᠂ ︽ᠬᠡᠯᠪᠡᠷᠢᠴᠢ ᠦᠵᠡᠯ ᠢ ᠦᠨᠡᠨ ᠬᠦ ᠴᠡᠭᠴᠡᠯᠡᠨ ᠵᠠᠰᠠᠭᠠᠳ ᠦᠨᠳᠦᠰᠦᠨ | ᠱᠠᠲᠤᠨ ᠤ ᠳᠠᠷᠤᠭᠠᠰᠤ ᠶᠢ ᠨᠢ ᠬᠥᠩᠭᠡᠷᠡᠭᠦᠯᠬᠦ ᠬᠡᠷᠡᠭᠲᠡᠢ᠂ ᠰᠠᠶᠢᠨ ᠠᠵᠢᠯ ᠶᠠᠪᠤᠳᠠᠯ᠂ ᠦᠵᠡᠮᠦᠷᠢ ᠶᠢᠨ ᠠᠵᠢᠯ | ᠶᠠᠪᠤᠳᠠᠯ ᠤᠳ ᠢ ᠬᠢᠭᠡᠳ ᠪᠠᠶᠢᠵᠤ ᠪᠣᠯᠬᠤ ᠦᠭᠡᠢ᠂ ᠪᠡᠷᠬᠡ ᠠᠵᠢᠯ ᠶᠠᠪᠤᠳᠠᠯ᠂ ᠬᠥᠮᠥᠨ ᠢ ᠭᠤᠮᠣᠳᠠᠭᠠᠬᠤ ᠠᠵᠢᠯ | ᠶᠠᠪᠤᠳᠠᠯ ᠤᠳ ᠢᠶᠠᠨ ᠦᠨᠳᠦᠰᠦᠨ ᠱᠠᠲᠤᠨ ᠳᠤ ᠲᠦᠯᠬᠢᠵᠦ ᠪᠣᠯᠬᠤ ᠦᠭᠡᠢ᠃︾ ᠶᠡᠷᠦᠩᠬᠡᠢ ᠱᠦᠵᠢ ᠶᠢᠨ ᠶᠠᠷᠢᠶ᠎ᠠ ᠨᠢ | ᠪᠣᠷᠣᠭᠵᠢᠭᠤᠨ ᠮᠥᠷᠲᠡᠭᠡᠨ ᠭᠦᠨ ᠤᠳᠬ᠎ᠠ ᠰᠠᠨᠠᠭ᠎ᠠ ᠲᠠᠢ᠂ ︽ᠨᠢᠭᠡ ᠳᠤ ᠵᠥᠷᠢᠴᠡᠯ ᠢ ᠬᠤᠷᠠᠮᠳᠤᠭᠤᠯᠵᠤ ᠪᠣᠯᠬᠤ ᠦᠭᠡᠢ᠂ | ᠬᠤᠶᠠᠷ ᠲᠤ ᠲᠡᠳᠡᠭᠡᠷ ᠢ ᠲᠥᠷᠥᠯ ᠠᠩᠭᠢᠯᠠᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠣᠯᠠᠨ ᠢᠶᠠᠷ ᠢᠶᠠᠨ ᠰᠡᠷᠭᠡᠶᠢᠯᠡᠵᠦ | ᠣᠯᠠᠨ ᠢᠶᠠᠷ ᠢᠶᠠᠨ ᠵᠠᠰᠠᠬᠤ ᠶᠢ ᠪᠠᠷᠢᠮᠲᠠᠯᠠᠨ᠂ ᠵᠥᠷᠢᠴᠡᠯ ᠢ ᠦᠨᠳᠦᠰᠦᠨ ᠱᠠᠲᠤᠨ ᠳᠤ ᠨᠢ ᠠᠷᠢᠯᠭᠠᠬᠤ ᠬᠡᠷᠡᠭᠲᠡᠢ︾ ᠭᠡᠪᠡ ᠁ | | |