ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠣᠷᠳᠣᠰ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ︽ᠥᠪᠥᠷ ᠮᠣᠩᠭᠤᠯ ᠤᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠵᠤ ᠦᠢᠯᠡᠰ ᠤᠨ ᠬᠠᠮᠵᠢᠯᠴᠠᠨ ᠬᠥᠭᠵᠢᠬᠦ ᠬᠢᠭᠡᠳ ᠣᠷᠳᠣᠰ ᠤᠨ ᠮᠠᠰᠢᠨ ᠲᠡᠷᠭᠡᠨ ᠤ ᠠᠵᠤ | ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠶᠡᠭᠡ ᠬᠤᠷᠠᠯ︾ ᠢ 5 ᠳ᠋ᠤᠭᠠᠷ ᠰᠠᠷ᠎ᠠ ᠶᠢᠨ 22 ᠤᠨ | ᠡᠳᠦᠷ ᠣᠷᠳᠣᠰ ᠬᠤᠲᠠ ᠶᠢᠨ ᠳ᠋ᠦᠩᠱᠧᠩ ᠲᠣᠭᠤᠷᠢᠭ ᠲᠤ ᠦᠪᠡᠳᠡᠭᠰᠢ ᠶᠡᠭᠡ ᠪᠠᠷ ᠬᠤᠷᠠᠯᠳᠤᠭᠤᠯᠪᠠ᠃ ᠶᠡᠭᠡ | ᠬᠤᠷᠠᠯ ᠨᠢ ︽ᠪᠣᠬᠢᠷᠲᠤᠯ ᠦᠭᠡᠢ ᠪᠠᠷ ᠬᠥᠲᠥᠯᠥᠨ ᠳᠠᠭᠠᠭᠤᠯᠵᠤ ᠬᠡᠯᠬᠢᠶ᠎ᠡ ᠪᠠᠷ ᠢᠷᠡᠭᠡᠳᠦᠢ ᠶᠢ ᠬᠤᠯᠪᠣᠬᠤ︾ ᠪᠠᠷ | ᠭᠤᠣᠯ ᠰᠡᠳᠦᠪ ᠪᠣᠯᠭᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠵᠢᠯ ᠲᠦᠷᠦᠯ ᠤᠨ ᠲᠤᠰᠬᠠᠢ | ᠮᠡᠷᠭᠡᠵᠢᠯᠲᠡᠳ᠂ ᠠᠵᠤ ᠠᠬᠤᠶᠢᠯᠠᠯ ᠤᠨ ᠲᠥᠯᠥᠭᠡᠯᠡᠭᠴᠢ ᠶᠢ ᠵᠠᠯᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠠᠵᠤ ᠦᠢᠯᠡᠰ ᠢ ᠬᠠᠮᠵᠢᠯᠴᠠᠨ ᠬᠥᠭᠵᠢᠭᠦᠯᠬᠦ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠵᠦ᠂ ᠠᠵᠤ ᠦᠢᠯᠡᠰ ᠤᠨ | ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠬᠠᠮᠲᠤᠷᠠᠯᠴᠠᠭᠠᠨ ᠤ ᠰᠢᠨ᠎ᠡ ᠵᠢᠷᠤᠭ ᠲᠥᠯᠥᠪᠯᠡᠭᠡ ᠶᠢ ᠬᠠᠮᠲᠤ ᠪᠠᠷ | ᠵᠢᠷᠤᠭᠯᠠᠪᠠ᠃ ᠣᠷᠳᠣᠰ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢᠦ ᠹᠧᠩ ᠶᠦᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ | ᠳᠠᠷᠤᠭ᠎ᠠ ᠬᠤ᠋ ᠷᠦᠢ ᠹᠧᠨ ᠶᠡᠭᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃ | ᠶᠡᠭᠡ ᠬᠤᠷᠠᠯ ᠨᠢ ᠠᠵᠤ ᠦᠢᠯᠡᠰ ᠤᠨ ᠬᠠᠮᠵᠢᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠦᠭᠡᠢ | ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ | ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ | ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ | ᠵᠢᠴᠢ ᠢᠵᠢ ᠪᠥᠷᠢᠳᠦᠭᠦᠯᠬᠦ ᠠᠵᠤ ᠦᠢᠯᠡᠰ ᠢ ᠶᠡᠭᠡ ᠪᠠᠷ ᠬᠥᠭᠵᠢᠭᠦᠯᠪᠡ᠃ ᠲᠣᠰ ᠤᠳᠠᠭᠠᠨ ᠤ ᠶᠡᠭᠡ ᠬᠤᠷᠠᠯ ᠨᠢ | ᠪᠥᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ | ᠬᠡᠯᠬᠢᠶᠡᠨ ᠤ ᠬᠠᠮᠵᠢᠯᠴᠠᠭ᠎ᠠ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠨᠡ ᠬᠦ ᠲᠠᠪᠴᠠᠩ ᠢ | ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ | ᠂ ᠡᠬᠢ ᠪᠠᠶᠠᠯᠢᠭ ᠢ ᠨᠡᠶᠢᠳᠬᠡᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠤᠷᠠᠳᠤ ᠬᠡᠯᠬᠢᠶ᠎ᠡ ᠶᠢᠨ | ᠭᠦᠨᠵᠡᠭᠡᠶ ᠠᠭᠤᠰᠤᠯᠴᠠᠯ ᠢ ᠠᠬᠢᠭᠤᠯᠵᠤ᠂ ᠠᠵᠤ ᠦᠢᠯᠡᠰ ᠤᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ | ᠳᠡᠭᠡᠭᠰᠢᠯᠡᠭᠦᠯᠵᠦ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠳᠠᠬᠢᠨᠲᠠ | ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠪᠠ᠃ | ᠬᠤᠷᠠᠯ ᠳᠡᠭᠡᠷ᠎ᠡ᠂ ᠣᠷᠳᠣᠰ ᠬᠤᠲᠠ ᠶᠢᠨ ᠬᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ | ᠰᠠᠭᠤᠷᠢ ᠮᠥᠩᠭᠦ ᠶᠢ ᠨᠡᠶᠢᠲᠡᠯᠡᠪᠡ᠂ ᠣᠷᠳᠣᠰ ᠬᠤᠲᠠ ᠶᠢᠨ ᠤᠳᠤᠷᠢᠳᠤᠯᠭ᠎ᠠ ᠢᠯᠡᠷᠬᠡᠶᠢᠯᠡᠬᠦ ᠳᠤ ᠪᠠᠨ᠂ ᠣᠷᠳᠣᠰ | ᠬᠤᠲᠠ ᠶᠠᠭ ᠳᠡᠯᠡᠬᠡᠶ ᠶᠢᠨ ᠲᠠᠰ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ | ᠲᠦᠷᠭᠡᠳᠬᠡᠨ ᠪᠣᠶ ᠪᠣᠯᠭᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠨ ᠤ | ᠬᠠᠮᠵᠢᠯᠴᠠᠨ ᠬᠠᠮᠲᠤᠷᠠᠯᠴᠠᠬᠤ ᠪᠠᠨ ᠠᠬᠢᠭᠤᠯᠬᠤ ᠶᠢ ᠪᠥᠬᠦ ᠬᠤᠲᠠ ᠶᠢᠨ ᠦᠢᠯᠡᠳᠬᠦ ᠦᠢᠯᠡᠰ ᠤᠨ ᠲᠠᠰ ᠳᠡᠪᠰᠢᠬᠦ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠠ ᠰᠢᠪᠲᠤᠯᠤᠯᠲᠠ ᠶᠢᠨ ᠴᠡᠭ ᠪᠣᠯᠭᠠᠵᠤ᠂ ᠮᠠᠰᠢᠨ ᠲᠡᠷᠭᠡᠨ ᠤ ᠠᠵᠤ | ᠦᠢᠯᠡᠰ ᠤᠨ ᠪᠦᠯᠦᠭᠵᠢᠨ ᠬᠥᠭᠵᠢᠬᠦ᠂ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠣᠶᠣᠨᠴᠢᠯᠠᠭᠰᠠᠨ | ᠵᠢᠱᠢᠶ᠎ᠡ ᠦᠵᠡᠭᠦᠯᠬᠦ ᠭᠤᠷᠪᠠᠨ ᠠᠵᠤ ᠦᠢᠯᠡᠳᠪᠦᠷᠢᠵᠢᠯᠲᠡ ᠶᠢᠨ ᠠᠭᠤᠰᠤᠯᠴᠠᠯ ᠢ ᠴᠢᠷᠮᠠᠶᠢᠨ ᠪᠡᠶᠡᠯᠡᠭᠦᠯᠵᠦ᠂ ᠠᠬᠤᠶ | ᠪᠠᠶᠢᠳᠠᠯ ᠤᠨ ᠬᠡᠷᠡᠭᠯᠡᠯᠲᠡ᠂ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠰᠢᠨ᠎ᠡ ᠡᠭᠦᠳᠦᠯᠲᠡ ᠶᠢᠨ ᠬᠥᠲᠥᠯᠦᠨ | ᠳᠠᠭᠠᠭᠤᠯᠭ᠎ᠠ᠂ ᠣᠷᠴᠢᠨ ᠨᠦᠬᠦᠴᠡᠯ ᠤᠨ ᠪᠠᠲᠤᠯᠠᠭ᠎ᠠ ᠵᠡᠷᠭᠡ ᠳᠥᠷᠪᠡᠨ ᠬᠦᠷᠳᠦ ᠪᠠᠷ ᠬᠥᠳᠡᠯᠭᠡᠭᠦᠷ ᠪᠣᠯᠭᠠᠬᠤ ᠶᠢ | ᠬᠦᠴᠦᠯᠡᠨ ᠴᠢᠩᠭᠠᠷᠠᠭᠤᠯᠵᠤ᠂ ᠴᠢ ᠷᠦᠢ᠂ ᠰᠢᠶᠠᠮᠧᠨ ᠶᠢᠨ ᠯᠦᠩ᠂ ᠳ᠋ᠦᠩ ᠹᠧᠩ ᠯᠢᠦ ᠴᠢ ᠵᠡᠷᠭᠡ ᠬᠥᠲᠥᠴᠢ ᠠᠵᠤ | ᠠᠬᠤᠶᠢᠯᠠᠯ ᠤᠨ ᠪᠥᠭᠡᠮᠨᠡᠷᠡᠯ ᠤᠨ ᠦᠢᠯᠡᠳᠦᠯ ᠢ ᠭᠦᠢᠴᠡᠳ ᠠᠰᠢᠭᠯᠠᠨ᠂ ᠪᠥᠬᠦ ᠤᠯᠤᠰ ᠤᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠶ ᠢᠵᠢ ᠪᠥᠷᠢᠳᠦᠭᠰᠡᠨ ᠠᠵᠤ ᠠᠬᠤᠶᠢᠯᠠᠯ ᠢ | ᠲᠡᠳᠡᠨ ᠠᠪᠴᠢᠷᠠᠵᠤ᠂ ᠣᠷᠳᠣᠰ ᠤᠨ ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠲᠤᠯ ᠥᠬᠡᠶ ᠤᠶᠤᠨᠴᠢᠯᠠᠨ ᠲᠠᠰ | ᠳᠡᠪᠰᠢᠬᠦ ᠶᠢ ᠪᠥᠬᠦ ᠲᠠᠯ᠎ᠠ ᠪᠠᠷ ᠠᠬᠢᠭᠤᠯᠬᠤ ᠪᠣᠯᠣᠨ᠎ᠠ ᠭᠡᠵᠡᠶ᠃ | ᠲᠣᠰ ᠬᠤᠭᠤᠴᠠᠭᠠᠨ ᠤ ᠶᠡᠭᠡ ᠬᠤᠷᠠᠯ ᠢᠶᠠᠷ ᠮᠠᠰᠢᠨ ᠲᠡᠷᠭᠡᠨ ᠤ ᠪᠦᠬᠦᠯᠢ ᠮᠠᠰᠢᠨ ᠦᠢᠯᠡᠳᠬᠦ᠂ ᠡᠯᠧᠺᠲᠷᠤᠨ | ᠡᠵᠡᠮᠳᠡᠯ ᠤᠨ ᠰᠢᠰᠲ᠋ᠧᠮ᠂ ᠰᠢᠨ᠎ᠡ ᠡᠨᠧᠷᠭᠢ ᠶᠢᠨ ᠴᠡᠨᠡᠭ ᠵᠡᠷᠭᠡ ᠭᠤᠣᠯᠯᠠᠬᠤ ᠢᠵᠢ ᠪᠥᠷᠢᠳᠦᠭᠰᠡᠨ ᠵᠠᠭᠤ ᠭᠠᠷᠤᠶ | ᠠᠵᠤ ᠠᠬᠤᠶᠢᠯᠠᠯ ᠢ ᠴᠤᠭᠯᠠᠷᠠᠭᠤᠯᠤᠭᠰᠠᠨ ᠪᠦᠭᠡᠳ ᠡᠨᠧᠷᠭᠢ᠂ ᠪᠠᠷᠠᠭᠠᠨ ᠤ ᠭᠦᠢᠯᠭᠡᠭᠡ ᠵᠡᠷᠭᠡ ᠳᠣᠤᠷᠠᠳᠤ ᠬᠡᠯᠬᠢᠶᠡᠨ ᠤ | 50 ᠭᠠᠷᠤᠶ ᠬᠡᠷᠡᠭᠯᠡᠭᠴᠢ ᠠᠵᠤ ᠠᠬᠤᠶᠢᠯᠠᠯ ᠵᠢᠴᠢ ᠳᠤᠮᠳᠠᠳᠤ ᠤᠯᠤᠰ ᠤᠨ ᠮᠠᠰᠢᠨ ᠲᠡᠷᠭᠡᠨ ᠤ ᠨᠡᠶᠢᠭᠡᠮᠯᠢᠭ ᠵᠡᠷᠭᠡ | ᠠᠵᠢᠯ ᠲᠥᠷᠥᠯ ᠤᠨ ᠲᠤᠰᠬᠠᠶ ᠮᠡᠷᠭᠡᠵᠢᠯᠲᠡᠳ ᠢ ᠤᠷᠢᠵᠤ᠂ ᠠᠵᠢᠯ ᠲᠥᠷᠥᠯ ᠤᠨ ᠬᠥᠭᠵᠢᠯᠲᠡ᠂ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠤ ᠦᠢᠯᠡᠰ ᠤᠨ ᠳᠡᠭᠡᠳᠦ ᠳᠣᠤᠷᠠᠳᠤ ᠬᠡᠯᠬᠢᠶᠡᠨ ᠤ ᠬᠡᠷᠡᠭᠴᠡᠭᠡ ᠵᠡᠷᠭᠡ | ᠠᠭᠤᠯᠭ᠎ᠠ ᠶᠢᠨ ᠲᠣᠭᠤᠷᠢᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠠᠰ ᠢ ᠳᠡᠪᠰᠢᠭᠦᠯᠬᠦ | ᠰᠢᠨ᠎ᠡ ᠰᠡᠳᠬᠢᠮᠵᠢ᠂ ᠰᠢᠨ᠎ᠡ ᠠᠵᠠ ᠲᠣᠬᠢᠶᠠᠯ ᠪᠠ ᠰᠢᠨ᠎ᠡ ᠵᠠᠭᠪᠤᠷ ᠢ ᠬᠠᠮᠲᠤ ᠪᠠᠷ ᠬᠠᠶᠢᠨ ᠰᠦᠪᠡᠭᠴᠢᠯᠡᠵᠦ᠂ ᠥᠪᠥᠷ | ᠮᠣᠩᠭᠤᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ᠂ ᠢᠷᠡᠭᠡᠳᠦᠶ ᠶᠢᠨ ᠬᠥᠭᠵᠢᠯᠲᠡ ᠳᠤ ᠳᠠᠪᠠᠭᠤᠯᠢᠭ | ᠤᠷᠤᠯᠳᠤᠭᠠᠨ ᠤ ᠵᠠᠮ ᠢ ᠵᠠᠪᠳᠤᠨ ᠡᠵᠡᠯᠡᠬᠦ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃ | | ᠲᠤᠰ ᠬᠤᠷᠠᠯ ᠤᠨ ᠬᠤᠭᠤᠴᠠᠭᠠᠨ ᠳᠤ᠂ ᠣᠷᠳᠣᠰ ᠬᠤᠲᠠ ᠨᠢ ᠣᠯᠠᠨ ᠠᠵᠢᠯ ᠲᠥᠷᠥᠯ ᠤᠨ ᠬᠥᠲᠥᠴᠢ ᠠᠵᠤ | ᠠᠬᠤᠶᠢᠯᠠᠯ ᠤᠳ ᠯᠤᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠂ ᠡᠭᠦᠨ ᠳᠤ ᠴᠡᠨᠡᠭ ᠦᠢᠯᠡᠳᠬᠦ ᠮᠠᠲ᠋ᠧᠷᠢᠶᠠᠯ᠂ | ᠴᠠᠬᠢᠯᠭᠠᠨ ᠬᠥᠳᠡᠯᠭᠡᠭᠦᠷ ᠤᠨ ᠰᠢᠰᠲ᠋ᠧᠮ᠂ ᠣᠶᠤᠨᠴᠢ ᠰᠦᠯᠵᠢᠶᠡᠨ ᠤ ᠬᠤᠯᠪᠤᠭ᠎ᠠ᠂ ᠴᠠᠬᠢᠯᠭᠠᠨ ᠰᠣᠯᠪᠢᠬᠤ ᠰᠠᠭᠤᠷᠢ | ᠪᠡᠯᠡᠳᠬᠡᠮᠵᠢ ᠵᠡᠷᠭᠡ ᠬᠦᠷᠢᠶᠡᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶᠡᠨ ᠤ 11 ᠠᠵᠤ ᠠᠬᠤᠶᠢᠯᠠᠯ ᠯᠤᠭ᠎ᠠ ᠲᠤᠬᠠᠶ ᠶᠢᠨ ᠲᠠᠯᠠᠪᠤᠷ ᠲᠤ ᠭᠡᠷ᠎ᠡ ᠲᠣᠭᠲᠠᠵᠤ᠂ | ᠲᠤᠬᠠᠶ ᠶᠢᠨ ᠭᠠᠵᠠᠷ ᠤᠨ ᠠᠵᠤ ᠦᠢᠯᠡᠰ ᠤᠨ ᠬᠡᠯᠬᠢᠶᠡᠨ ᠤ ᠵᠠᠩᠭᠢᠯᠠᠭ᠎ᠠ ᠪᠣᠯᠬᠤ ᠭᠤᠭᠴᠤᠭ᠎ᠠ ᠶᠢ ᠤᠯᠠᠮ ᠨᠢᠭᠡ | ᠠᠯᠬᠤᠮ ᠨᠥᠬᠦᠪᠥᠷᠢᠯᠡᠨ ᠴᠢᠩᠭᠠᠳᠬᠠᠵᠤ᠂ ᠣᠷᠣᠨ ᠪᠦᠰᠡ ᠶᠢᠨ ᠠᠵᠤ ᠦᠢᠯᠡᠰ ᠤᠨ ᠬᠠᠮᠵᠢᠯᠴᠠᠬᠤ ᠴᠢᠳᠠᠪᠤᠷᠢ ᠶᠢ | ᠳᠡᠭᠡᠭᠰᠢᠯᠡᠭᠦᠯᠬᠦ ᠪᠣᠯᠤᠨ᠎ᠠ᠃ ᠡᠭᠦᠨ ᠠᠴᠠ ᠭᠠᠳᠠᠨ᠎ᠠ᠂ ᠶᠡᠭᠡ ᠬᠤᠷᠠᠯ ᠠᠴᠠ ᠪᠠᠰᠠ ᠥᠪᠥᠷ ᠮᠣᠩᠭᠤᠯ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠬᠦᠷᠢᠶᠡᠨ ᠳᠠᠬᠢ ᠢᠳᠡᠪᠬᠢᠲᠡᠶ ᠬᠠᠶᠢᠨ ᠰᠥᠪᠡᠭᠴᠢᠯᠡᠯᠲᠡ ᠪᠠ ᠦᠷ᠎ᠡ ᠪᠦᠲᠦᠭᠡᠯ ᠢ | ᠳᠡᠯᠭᠡᠨ ᠦᠵᠡᠭᠦᠯᠵᠦ᠂ ᠬᠤᠲᠠ ᠶᠢᠨ ᠪᠣᠬᠢᠷᠲᠤᠯ ᠥᠬᠡᠶ ᠬᠥᠭᠵᠢᠯᠲᠡ ᠪᠠ ᠮᠠᠰᠢᠨ ᠲᠡᠷᠭᠡᠨ ᠤ ᠠᠵᠤ ᠦᠢᠯᠡᠰ ᠤᠨ | ᠦᠷᠭᠦᠯᠵᠢᠯᠡᠬᠦ᠋ᠢᠴᠡ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ | ᠲᠣᠰ ᠤᠳᠠᠭᠠᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠭᠰᠡᠨ ᠶᠠᠪᠤᠳᠠᠯ ᠨᠢ ᠥᠪᠥᠷ ᠮᠣᠩᠭᠤᠯ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠬᠠᠮᠵᠢᠯᠴᠠᠨ ᠬᠥᠭᠵᠢᠬᠦ ᠰᠢᠨ᠎ᠡ ᠱᠠᠲᠤᠨ ᠳᠤ ᠪᠠᠨ ᠤᠷᠤᠭᠰᠠᠨ ᠢ | ᠬᠠᠷᠠᠭᠤᠯᠵᠤ᠂ ᠥᠪᠥᠷ ᠮᠣᠩᠭᠤᠯ ᠤᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶᠡᠨ ᠤ ᠪᠣᠬᠢᠷᠲᠤᠯ ᠥᠬᠡᠶ᠂ | ᠣᠶᠣᠨᠴᠢᠯᠠᠨ ᠲᠠᠰ ᠳᠡᠪᠰᠢᠬᠦ ᠶᠢ ᠳᠥᠯᠭᠢᠨ ᠠᠬᠢᠭᠤᠯᠬᠤ᠂ ᠠᠵᠤ ᠦᠢᠯᠡᠰ ᠤᠨ ᠪᠥᠭᠡᠮᠨᠡᠷᠡᠯ ᠪᠠ ᠮᠡᠷᠭᠡᠵᠢᠯ ᠤᠨ ᠰᠢᠨ᠎ᠡ | ᠡᠭᠦᠳᠦᠯᠲᠡ ᠶᠢ ᠲᠦᠷᠭᠡᠳᠬᠡᠨ ᠠᠬᠢᠭᠤᠯᠬᠤ᠂ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠤᠳᠠᠭᠠᠨ ᠤ ᠶᠡᠭᠡ ᠬᠤᠷᠠᠯ ᠢ ᠬᠤᠷᠠᠯᠳᠤᠭᠤᠯᠤᠭᠰᠠᠨ ᠢᠶᠠᠷ | ᠣᠷᠳᠣᠰ ᠬᠤᠲᠠ ᠡᠨᠡ ᠬᠦ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ | ᠪᠥᠬᠦ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠪᠣᠬᠢᠷᠲᠤᠯ ᠥᠬᠡᠶ ᠳᠣᠣᠷ᠎ᠠ | ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠤ ︽ᠥᠪᠥᠷ ᠮᠣᠩᠭᠤᠯ ᠤᠨ ᠲᠥᠰᠦᠯ︾ ᠤᠨ | ᠬᠤᠪᠢ ᠨᠡᠮᠡᠷᠢ ᠦᠵᠡᠭᠦᠯᠬᠦ ᠪᠣᠯᠣᠨ᠎ᠠ᠃ | |