5 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ | ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ ᠤ | 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠢᠶᠤᠤ ᠴᠢᠩ ᠳ᠋ᠦᠩ᠂ ᠸᠠᠩ ᠶᠠᠨ ᠪᠥᠸᠧ᠂ ᠰᠢᠶᠧ | ᠶᠦᠨ ᠰᠥᠩ᠂ ᠯᠢ ᠽᠦᠩ ᠮᠧᠩ᠂ ᠫᠧᠩ ᠰᠢᠶᠤᠤ ᠵᠢᠤᠸᠠᠨ᠂ ᠯᠢ ᠸᠧᠶ᠂ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠡᠷᠬᠢᠯᠡᠭᠴᠢ ᠶᠠᠩ ᠰᠢᠨ ᠢᠦᠶ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠤᠯ ᠬᠠᠷᠢᠭᠤᠴᠠᠯᠭᠠᠲᠠᠨ ᠨᠥᠬᠦᠳ | ᠬᠤᠷᠠᠯ ᠳᠤ ᠰᠤᠯᠠ ᠣᠷᠣᠯᠴᠠᠵᠠᠶ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠪᠠ︔ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠲᠥᠰᠥᠯ ︵ᠶᠠᠷᠢᠯᠴᠠᠬᠤ ᠨᠣᠣᠷᠠᠭ︶︾᠂ ︽ᠤᠯᠠᠭᠠᠨᠬᠠᠳᠠ | ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠰᠲ᠋ᠣᠺ ᠤᠨ ᠡᠷᠬᠡ ᠶᠢᠨ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠣᠬᠢᠶᠠᠨ ᠪᠠᠶᠢᠭᠤᠯᠬᠤ ᠲᠥᠰᠥᠯ ︵ᠶᠠᠷᠢᠯᠴᠠᠬᠤ ᠨᠣᠣᠷᠠᠭ︶︾ ᠢ | ᠬᠢᠨᠠᠨ ᠵᠥᠪᠯᠡᠪᠡ︔ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠪᠡᠯᠡ ᠮᠥᠩᠭᠦ ᠶᠢ ᠵᠣᠯᠭᠠᠭᠤᠯᠬᠤ | ᠲᠥᠯᠥᠪᠯᠡᠭᠡ ᠶᠢ ᠬᠡᠷᠡᠭᠵᠢᠭᠦᠯᠬᠦ ᠲᠦᠷᠦᠯ ᠵᠦᠢᠯ᠂ ᠤᠯᠠᠭᠠᠨᠬᠠᠳᠠ ᠶᠢᠨ ᠪᠦᠦ ᠱᠠᠨ ᠡᠮᠨᠡᠯᠭᠡ ᠶᠢᠨ ᠬᠤᠷᠢᠶ᠎ᠠ᠂ | ᠤᠯᠠᠭᠠᠨᠬᠠᠳᠠ ᠶᠢᠨ ᠪᠦᠦ ᠱᠠᠨ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ | ᠠᠪᠬᠤ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠠᠯᠭᠠᠰᠤ ᠰᠢᠶᠠᠩ ᠵᠡᠭᠡᠯᠢ ᠭᠤᠲᠤᠮᠵᠢ᠂ ᠡᠯ᠎ᠡ ᠰᠠᠯᠠᠭ᠎ᠠ | ᠮᠥᠴᠢᠷ ᠤᠨ ᠬᠢᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠬᠠᠷᠢᠴᠠᠭᠤᠯᠤᠨ | ᠭᠦᠨᠵᠡᠭᠡᠢ ᠵᠠᠳᠠᠯᠤᠨ ᠲᠤᠩᠭᠠᠨ ᠪᠣᠳᠣᠯᠬᠢᠯᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠤᠯᠤᠰ ᠲᠦᠷᠦ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠷᠭᠦᠯᠵᠢᠯᠡᠨ | ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ | ᠪᠦᠬᠦ ᠲᠣᠭᠤᠷᠢᠭ ᠤᠨ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ᠃ ᠠᠵᠤ ᠠᠬᠤᠶ ᠶᠢᠨ ᠠᠵᠢᠯᠯᠠᠭᠠᠨ ᠢ ᠰᠤᠳᠤᠯᠤᠨ ᠮᠠᠭᠠᠳᠯᠠᠬᠤ ᠪᠠ ᠵᠢᠱᠢᠯᠲᠡ ᠬᠢᠬᠦ ᠶᠢ | ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠠᠵᠤ ᠠᠬᠤᠶ ᠶᠢᠨ ᠨᠢᠭᠡ ᠪᠦᠯᠦᠭ ᠰᠢᠨ᠎ᠡ ᠨᠡᠮᠡᠭᠳᠡᠯ ᠤᠨ ᠴᠡᠭ ᠢ | ᠬᠦᠴᠦᠯᠡᠨ ᠠᠭᠤᠳᠠᠯᠬᠤ ᠪᠠ ᠪᠤᠶᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠡᠷᠲᠡ ᠪᠠᠯᠠ ᠣᠷᠣᠭᠤᠯᠵᠤ | ᠲᠦᠷᠭᠡᠨ ᠪᠠᠶᠢᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ︽ᠬᠤᠣᠰ ᠬᠠᠭᠠᠰ ᠢ ᠳᠠᠪᠠᠭ᠋ᠤ︾ ︽ᠪᠥᠬᠦ | ᠵᠢᠯ ᠢᠶᠠᠷ ᠢᠶᠠᠨ ᠰᠠᠶᠢᠨ︾ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ | ᠵᠦᠢᠯ ᠤᠨ ᠠᠵᠢᠯ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢᠨ ᠬᠠᠷᠠᠯᠲᠠ ᠶᠢ ᠨᠠᠷᠢᠯᠢᠬᠵᠢᠭᠤᠯᠵᠤ᠂ ᠠᠵᠢᠯ ᠤᠨ | ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠬᠦᠴᠢᠷ ᠢ | ᠲᠤᠭᠤᠯᠤᠨ ᠬᠦᠴᠢᠷ ᠢ ᠳᠠᠪᠠᠵᠤ᠂ ᠡᠯ᠎ᠡ ᠵᠦᠢᠯ ᠤᠨ ᠠᠵᠢᠯ ᠢ ᠲᠣᠭᠲᠠᠭᠰᠠᠨ ᠬᠠᠷᠠᠯᠲᠠ ᠶᠣᠰᠣᠭᠠᠷ ᠯᠠᠪᠳᠠᠭᠤᠨ ᠢᠶᠠᠷ | ᠠᠬᠢᠭᠤᠯᠬᠤ ᠶᠢ ᠪᠠᠲᠤᠯᠠᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠡᠬᠢ ᠡᠭᠦᠰᠦᠯ ᠠᠴᠠ ᠨᠢ ᠵᠠᠰᠠᠬᠤ ᠶᠢ | ᠰᠠᠶᠢᠲᠤᠷ ᠠᠳᠬᠤᠵᠤ᠂ ᠬᠡᠷᠡᠭ ᠢ ᠳᠠᠭᠠᠭᠠᠴᠢᠯᠠᠨ ᠤᠳᠤᠷᠢᠳᠬᠤ ᠪᠠ ᠬᠠᠷᠢᠭᠤᠴᠠᠯᠭᠠᠲᠠᠨ ᠢ ᠴᠢᠩᠭ᠎ᠠ | ᠨᠠᠶᠢᠳᠠᠪᠤᠷᠢᠵᠢᠭᠤᠯᠵᠤ᠂ ᠬᠡᠷᠡᠭ ᠳᠠᠷᠠᠭᠠᠯᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠤᠨ ᠦᠢᠯᠡᠳᠦᠯ ᠢ ᠬᠦᠴᠦᠲᠡᠢ ᠪᠠᠳᠠᠷᠠᠭᠤᠯᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠦᠷᠭᠦᠯᠵᠢᠯᠡᠨ | ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠳᠤ ᠦᠢᠯᠡᠴᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠠᠵᠢᠯ ᠣᠯᠭᠤᠯᠲᠠ ᠶᠢᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠤᠯᠠᠨ ᠠᠷᠭ᠎ᠠ ᠵᠠᠮ ᠢᠶᠠᠷ ᠨᠡᠭᠡᠭᠡᠵᠦ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠦᠷᠭᠦᠯᠵᠢᠯᠡᠨ | ᠥᠷᠭᠡᠳᠬᠡᠵᠦ᠂ ᠠᠵᠢᠯ ᠣᠯᠭᠤᠯᠲᠠ ᠶᠢᠨ ᠶᠠᠰᠤ ᠴᠢᠨᠠᠷ ᠤᠨ ᠲᠦᠪᠰᠢᠨ ᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ | ᠳᠤᠮᠳᠠᠬᠢ ᠵᠣᠯᠭᠠᠭᠤᠯᠬᠤ ᠪᠡᠯᠡ ᠮᠥᠩᠭᠦ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ | ᠠᠵᠤ ᠦᠢᠯᠡᠰ ᠤᠨ ᠲᠦᠷᠦᠯ ᠵᠦᠢᠯ ᠢᠶᠠᠷ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ | ᠳᠠᠶᠢᠴᠢᠯᠠᠵᠤ᠂ ᠪᠦᠬᠦ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠮᠥᠩᠭᠦ ᠶᠢ ᠲᠦᠷᠭᠡᠨ ᠪᠠᠶᠢᠭᠤᠯᠵᠤ᠂ ᠠᠵᠤ ᠦᠢᠯᠡᠰ ᠤᠨ ᠰᠠᠭᠤᠷᠢ ᠮᠥᠩᠭᠦ ᠶᠢᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠢ ᠳᠠᠶᠢᠴᠢᠯᠠᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠨᠡᠩ ᠤᠯᠠᠨ ᠴᠢᠨᠠᠷ ᠰᠠᠶᠢᠲᠠᠢ ᠠᠵᠤ ᠦᠢᠯᠡᠰ ᠤᠨ ᠲᠦᠷᠦᠯ ᠵᠦᠢᠯ ᠢ ᠣᠷᠣᠭᠤᠯᠤᠨ | ᠠᠪᠴᠢᠷᠠᠵᠤ ᠲᠦᠷᠭᠡᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠭᠡᠮᠨᠡᠷᠡᠯ ᠤᠨ ᠦᠢᠯᠡᠳᠦᠯ ᠪᠣᠯᠤᠨ ᠠᠵᠤ | ᠦᠢᠯᠡᠰ ᠤᠨ ᠬᠡᠯᠬᠢᠶᠡᠨ ᠤ ᠳᠠᠪᠠᠭᠤᠯᠢᠭ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠡᠮᠴᠢᠯᠡᠭᠡᠨ ᠤ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ ᠪᠠ ᠡᠮᠴᠢᠯᠡᠭᠡᠨ ᠤ ᠴᠢᠳᠠᠪᠤᠷᠢᠲᠠᠨ ᠢ | ᠬᠥᠮᠦᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠬᠦᠴᠦᠲᠡᠢ ᠳᠡᠭᠡᠭᠰᠢᠯᠡᠭᠦᠯᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |