ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/30
   
a1_副本.jpg
       5 ᠰᠠᠷ᠎ᠠ ᠶᠢᠨ 29᠎ ᠤ ᠡᠳᠦᠷ ᠤᠯᠠᠭᠠᠨᠬᠠᠳᠠ ᠬᠤᠲᠠ ᠶᠢᠨ ᠶᠤᠸᠠᠨ ᠪᠣᠤ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠷᠢᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠶ᠂ ᠳᠡᠳ᠋ ᠡᠷᠬᠢᠯᠡᠭᠴᠢ ᠯᠢ ᠸᠧᠨ ᠵᠢᠶᠦ᠋ᠨ᠂ ᠵᠠᠩ ᠴᠢᠶᠦ᠋ᠨ᠂ ᠵᠢᠶᠠ ᠱᠣ᠋ ᠱᠦᠨ᠂ ᠢᠦᠶ ᠵᠢᠩ ᠴᠦᠨ ᠵᠢᠴᠢ ᠭᠡᠰᠢᠭᠦᠳ ᠨᠡᠶᠢᠲᠡ 31 ᠬᠥᠮᠦᠨ ᠬᠤᠷᠠᠯ ᠳᠤ ᠣᠷᠤᠯᠴᠠᠪᠠ ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶᠤᠤ ᠴᠢᠩ ᠳ᠋ᠦᠩ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠦ᠋ ᠰᠢᠤ ᠮᠢᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠭᠡᠷ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠪᠠ︔ ᠪᠦᠬᠦ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ᠂ ᠪᠥᠬᠦ ᠲᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ ᠃ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠶᠢᠨ ᠲᠤᠰᠢᠶᠠᠯ ᠠᠴᠠ ᠪᠠᠨ ᠪᠠᠭᠤᠬᠤ ᠲᠣᠭᠲᠠᠭᠠᠯ ᠵᠢᠴᠢ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠥᠪᠯᠡᠯᠭᠡ ᠶᠢ ᠪᠠᠲᠤᠯᠠᠪᠠ︔ ᠡᠷᠬᠢᠯᠡᠭᠴᠢᠳ ᠤᠨ ᠬᠤᠷᠠᠯ ᠤᠨ ᠵᠥᠪᠯᠡᠯᠭᠡ ᠶᠢ ᠬᠢᠨᠠᠨ ᠶᠠᠷᠢᠯᠴᠠᠵᠤ ᠪᠠᠲᠤᠯᠠᠪᠠ᠃
a2_副本.jpg
        ᠯᠢ ᠺᠠᠶ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠲᠠᠩᠭᠠᠷᠢᠭᠯᠠᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1