ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠫᠢᠩᠵᠤᠸᠠᠩ ᠤᠨ ᠳ᠋ᠥᠩᠴᠧᠩ ᠵᠡᠭᠡᠯᠢ ᠭᠤᠳᠤᠮᠵᠢ ᠬᠠᠮᠲᠤᠷᠠᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2025/5/8
    5 ᠳ᠋ᠤᠭᠠᠷ ᠰᠠᠷ᠎ᠠ ᠶᠢᠨ 7᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠂ ᠫᠢᠩᠵᠤᠸᠠᠩ ᠤᠨ ᠳ᠋ᠥᠩᠴᠧᠩ ᠵᠡᠭᠡᠯᠢ ᠭᠤᠳᠤᠮᠵᠢ ᠬᠠᠮᠲᠤᠷᠠᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠠᠶᠢᠯᠤᠮᠵᠢ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠰᠢᠲᠠᠮᠠᠬᠠᠶ ᠬᠡᠶ ᠶᠢᠨ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠰᠢᠲᠠᠮᠠᠬᠠᠶ ᠬᠡᠶ ᠶᠢᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠪᠡ᠃ ᠫᠢᠩᠵᠤᠸᠠᠩ ᠤᠨ ᠳ᠋ᠥᠩᠴᠧᠩ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ᠂ ᠭᠦᠢᠴᠡᠳᠬᠡᠬᠦ ᠵᠥᠪᠯᠡᠯ᠂ ᠬᠤᠷᠢᠶᠠᠯᠠᠯ ᠤᠨ ᠡᠮᠡᠭᠲᠡᠶᠢᠴᠦᠳ ᠤᠨ ᠬᠤᠯᠪᠤᠭᠠᠨ ᠤ ᠲᠡᠷᠢᠭᠦᠯᠡᠭᠴᠢ᠂ ᠡᠮᠡᠭᠲᠡᠶᠢᠴᠦᠳ 50 ᠭᠠᠷᠤᠢ ᠬᠥᠮᠥᠨ ᠲᠠᠶᠢᠯᠤᠮᠵᠢ ᠳᠤ ᠣᠷᠣᠯᠴᠠᠪᠠ᠃
a1_副本.jpg
        ᠠᠮᠤᠷ ᠲᠦᠪᠰᠢᠨ ᠤ ᠲᠠᠶᠢᠯᠤᠮᠵᠢ ᠳᠡᠭᠡᠷ᠎ᠡ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠰᠢᠲᠠᠮᠠᠬᠠᠶ ᠬᠡᠶ ᠶᠢᠨ ᠠᠯᠪᠠᠨ ᠬᠡᠷ ᠤᠨ ᠡᠷᠬᠢᠯᠡᠭᠴᠢ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠢᠩᠭᠡᠨᠵᠢᠮᠡᠯ ᠬᠡᠢ ᠶᠢᠨ ᠦᠨᠳᠦᠰᠦᠨ ᠮᠡᠳᠡᠯᠭᠡ᠂ ᠪᠣᠯᠣᠳ ᠯᠣᠩᠬᠤ᠂ ᠵᠤᠤᠬ᠎ᠠ ᠶᠢᠨ ᠬᠡᠷᠡᠭᠰᠡᠯ ᠵᠢᠴᠢ ᠰᠡᠯᠪᠢᠭ ᠲᠣᠨᠤᠭ ᠢ ᠠᠮᠤᠷ ᠲᠦᠪᠰᠢᠨ ᠢᠶᠠᠷ ᠬᠡᠷᠡᠭᠯᠡᠬᠦ ᠶᠢᠨ ᠲᠣᠭᠤᠷᠢᠨ ᠳᠤ᠂ ᠬᠡᠷ ᠪᠦᠯᠢ ᠬᠡᠷᠬᠢᠨ ᠰᠢᠩᠭᠡᠨᠵᠢᠮᠡᠯ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ᠂ ᠠᠶᠤᠯ ᠲᠦᠭᠰᠢᠭᠦᠷᠢ ᠭᠠᠷᠪᠠᠯ ᠶᠠᠭᠠᠬᠢᠪᠠᠯ ᠵᠣᠬᠢᠬᠤ ᠵᠡᠷᠭᠡ ᠳᠥᠷᠪᠡᠨ ᠲᠠᠯ᠎ᠠ ᠪᠠᠷ ᠨᠠᠷᠢᠨ ᠲᠠᠶᠢᠯᠤᠮᠵᠢ ᠬᠢᠵᠦ᠂ ᠳᠠᠷᠠᠭ᠎ᠠ ᠨᠢ ᠪᠠᠰᠠ ᠬᠠᠮᠢᠶ᠎ᠠ ᠪᠥᠬᠦᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠸᠢᠳᠢᠣ᠋ ᠶᠢ ᠨᠡᠪᠲᠡᠷᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠤᠬᠠᠢ ᠠᠰᠠᠭᠤᠯᠲᠠ ᠶᠢ ᠬᠦᠯᠢᠴᠡᠩᠭᠦᠶ ᠪᠠᠷ ᠬᠠᠷᠢᠭᠤᠯᠪᠠ᠃    ᠲᠣᠰ ᠤᠳᠠᠭᠠᠨ ᠤ ᠲᠠᠶᠢᠯᠤᠮᠵᠢ ᠨᠢ ᠣᠯᠠᠨ ᠳᠤ ᠮᠠᠰᠢ ᠶᠡᠭᠡ ᠠᠰᠢᠭ ᠬᠦᠷᠲᠡᠭᠡᠵᠦ᠂ ᠰᠢᠲᠠᠮᠠᠬᠠᠶ ᠬᠡᠶ ᠶᠢᠨ ᠠᠮᠤᠷ ᠲᠦᠪᠰᠢᠨ ᠤ ᠴᠢᠬᠤᠯᠠ ᠴᠢᠨᠠᠷ᠂ ᠡᠳᠦᠷ ᠲᠤᠲᠤᠮ ᠤᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠣᠶᠢᠯᠠᠭᠠᠭᠤᠯᠵᠤ᠂ ᠤᠬᠠᠮᠰᠠᠷ ᠠᠴᠠ ᠪᠠᠨ ᠰᠠᠶᠢᠨ ᠰᠠᠶᠢᠬᠠᠨ ᠬᠡᠷᠡᠭᠯᠡᠬᠦ ᠳᠠᠳᠬᠠᠯ ᠲᠠᠢ ᠪᠣᠯᠭᠠᠪᠠ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠥᠨᠥᠳᠦᠷ ᠤᠨ ᠰᠣᠷᠣᠭᠰᠠᠨ ᠮᠡᠳᠡᠯᠭᠡ ᠪᠠ ᠤᠷ᠎ᠠ ᠴᠢᠳᠠᠪᠤᠷᠢ ᠪᠠᠨ ᠪᠣᠳᠠᠲᠠᠶ ᠠᠵᠢᠯ ᠤᠨ ᠳᠤᠮᠳᠠ ᠪᠠᠨ ᠬᠡᠷᠡᠭᠯᠡᠵᠦ᠂ ᠨᠡᠶᠢᠭᠡᠮ ᠲᠣᠭᠤᠷᠢᠭ ᠤᠨ ᠡᠷᠦᠬᠡ ᠳᠤ ᠣᠷᠣᠬᠤ ᠶᠠᠪᠤᠴᠠ ᠶᠢᠨ ᠳᠤᠮᠳᠠ ᠰᠠᠭᠤᠭᠠᠯᠢ ᠠᠷᠠᠳ ᠤᠨ ᠰᠢᠲᠠᠮᠠᠬᠠᠶ ᠬᠡᠶ ᠬᠡᠷᠡᠭᠯᠡᠬᠦ ᠠᠮᠤᠷ ᠲᠦᠪᠰᠢᠨ ᠤ ᠵᠢᠯᠣᠭᠤᠳᠣᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠨᠢ ᠨᠡᠮᠡᠭᠳᠡᠭᠦᠯᠦᠨ᠎ᠡ ᠭᠡᠵᠡᠶ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1