ᠨᠢᠭᠡ᠂ ᠬᠠᠮᠢᠶᠠᠷᠤᠯᠲᠠ ᠶᠢᠨ ᠠᠷᠭ᠎ᠠ ᠶᠢ ᠢᠯᠡ ᠵᠠᠷᠯᠠᠬᠤ ᠲᠦᠢᠮᠤ | ᠶᠤᠸᠠᠨ ᠪᠦᠦ ᠱᠠᠨ ᠲᠣᠭᠤᠷᠢᠭ ᠤᠨ ᠮᠠᠰᠢᠨ ᠲᠡᠷᠭᠡᠨ ᠤ ᠬᠥᠩᠭᠡᠨᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠠᠵᠤ | ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠰᠢᠨ | ᠲᠡᠷᠭᠡᠨ ᠤ ᠬᠥᠩᠭᠡᠨᠵᠢᠭᠦᠯᠬᠦ ᠠᠵᠤ ᠦᠢᠯᠡᠰ ᠤᠨ ᠰᠢᠨ᠎ᠡ ᠶᠢ ᠡᠭᠦᠳᠬᠦ ᠥᠨᠳᠥᠷ ᠲᠥᠪᠰᠢᠨ ᠤ ᠭᠠᠵᠠᠷ ᠣᠷᠤᠨ ᠢ | ᠪᠠᠶᠢᠭᠤᠯᠬᠤ ᠪᠠᠷ ᠬᠠᠷᠠᠯᠲᠠ ᠪᠣᠯᠭᠠᠨ᠂ ᠬᠥᠩᠭᠡᠨ ᠴᠠᠭᠠᠨ ᠤ ᠰᠠᠭᠤᠷᠢ ᠮᠠᠲ᠋ᠧᠷᠢᠶᠠᠯ ᠤᠨ ︽ᠮᠡᠷᠭᠡᠵᠢᠯ ᠤᠨ ᠰᠤᠳᠤᠯᠤᠨ | ᠨᠡᠭᠡᠭᠡᠯᠲᠡ ᠂ ᠥᠷ᠎ᠡ ᠪᠥᠲᠥᠭᠡᠯ ᠤᠨ ᠤᠯᠠᠷᠢᠭᠤᠯᠤᠯᠲᠠ ᠂ ᠠᠵᠤ ᠦᠢᠯᠡᠰ ᠤᠨ ᠬᠡᠷᠡᠭᠯᠡᠯᠲᠡ︾ ᠶᠢᠨ ᠪᠥᠬᠦ ᠬᠡᠯᠬᠢᠶᠡᠨ ᠤ | ᠠᠮᠢ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ ᠬᠥᠩᠭᠡᠨᠵᠢᠭᠦᠯᠬᠦ ᠮᠠᠲ᠋ᠧᠷᠢᠶᠠᠯ᠂ ᠭᠠᠷ ᠤᠷᠠᠯᠠᠯ᠂ ᠲᠣᠨᠤᠭ | ᠲᠥᠬᠦᠭᠡᠷᠦᠮᠵᠢ ᠶᠢᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠵᠢᠷᠤᠮᠵᠢᠭᠤᠯᠬᠤ ᠶᠢᠨ ᠲᠤᠰᠠᠲᠠ ᠲᠣᠰ ᠠᠷᠭ᠎ᠠ ᠶᠢ ᠲᠣᠭᠲᠠᠭᠠᠪᠠ᠃ | ᠬᠤᠶᠠᠷ᠂ ᠦᠨᠳᠦᠰᠦᠯᠡᠯ | ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵ | 2021 - 2035 ᠣᠨ︶︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ﹇ | 2020 ﹈ 39 ᠳ᠋ᠦ᠋ᠭᠡᠷ ᠲᠣᠭᠠᠲᠤ︶ ︽ᠬᠥᠩᠭᠡᠨᠵᠢᠭᠦᠯᠬᠦ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ | ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ | ᠦᠨᠳᠦᠰᠦᠯᠡᠨ᠂ ᠡᠳᠦᠭᠡ ᠬᠠᠮᠢᠶᠠᠷᠤᠯᠲᠠ ᠶᠢᠨ ᠠᠷᠭ᠎ᠠ ᠶᠢ ᠵᠠᠷᠯᠠᠨ ᠨᠡᠶᠢᠲᠡᠯᠡᠪᠡ᠃ | |