︽ᠶᠤᠸᠠᠨ ᠪᠦᠦ ᠱᠠᠨ ᠤ ᠮᠠᠰᠢᠨ ᠲᠡᠷᠭᠡᠨ ᠤ ᠬᠥᠩᠭᠡᠨᠵᠢᠭᠦᠯᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠤᠷᠠᠭ︶︾ ᠶᠢᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/8
    ᠨᠢᠭᠡ᠂ ᠬᠠᠮᠢᠶᠠᠷᠤᠯᠲᠠ ᠶᠢᠨ ᠠᠷᠭ᠎ᠠ ᠶᠢ ᠢᠯᠡ ᠵᠠᠷᠯᠠᠬᠤ ᠲᠦᠢᠮᠤ    ᠶᠤᠸᠠᠨ ᠪᠦᠦ ᠱᠠᠨ ᠲᠣᠭᠤᠷᠢᠭ ᠤᠨ ᠮᠠᠰᠢᠨ ᠲᠡᠷᠭᠡᠨ ᠤ ᠬᠥᠩᠭᠡᠨᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠠᠵᠤ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠥᠩᠭᠡᠨᠵᠢᠭᠦᠯᠬᠦ ᠠᠵᠤ ᠦᠢᠯᠡᠰ ᠤᠨ ᠰᠢᠨ᠎ᠡ ᠶᠢ ᠡᠭᠦᠳᠬᠦ ᠥᠨᠳᠥᠷ ᠲᠥᠪᠰᠢᠨ ᠤ ᠭᠠᠵᠠᠷ ᠣᠷᠤᠨ ᠢ ᠪᠠᠶᠢᠭᠤᠯᠬᠤ ᠪᠠᠷ ᠬᠠᠷᠠᠯᠲᠠ ᠪᠣᠯᠭᠠᠨ᠂ ᠬᠥᠩᠭᠡᠨ ᠴᠠᠭᠠᠨ ᠤ ᠰᠠᠭᠤᠷᠢ ᠮᠠᠲ᠋ᠧᠷᠢᠶᠠᠯ ᠤᠨ ︽ᠮᠡᠷᠭᠡᠵᠢᠯ ᠤᠨ ᠰᠤᠳᠤᠯᠤᠨ ᠨᠡᠭᠡᠭᠡᠯᠲᠡ ᠂ ᠥᠷ᠎ᠡ ᠪᠥᠲᠥᠭᠡᠯ ᠤᠨ ᠤᠯᠠᠷᠢᠭᠤᠯᠤᠯᠲᠠ ᠂ ᠠᠵᠤ ᠦᠢᠯᠡᠰ ᠤᠨ ᠬᠡᠷᠡᠭᠯᠡᠯᠲᠡ︾ ᠶᠢᠨ ᠪᠥᠬᠦ ᠬᠡᠯᠬᠢᠶᠡᠨ ᠤ ᠠᠮᠢ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ ᠬᠥᠩᠭᠡᠨᠵᠢᠭᠦᠯᠬᠦ ᠮᠠᠲ᠋ᠧᠷᠢᠶᠠᠯ᠂ ᠭᠠᠷ ᠤᠷᠠᠯᠠᠯ᠂ ᠲᠣᠨᠤᠭ ᠲᠥᠬᠦᠭᠡᠷᠦᠮᠵᠢ ᠶᠢᠨ ᠬᠠᠮᠵᠢᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠵᠢᠷᠤᠮᠵᠢᠭᠤᠯᠬᠤ ᠶᠢᠨ ᠲᠤᠰᠠᠲᠠ ᠲᠣᠰ ᠠᠷᠭ᠎ᠠ ᠶᠢ ᠲᠣᠭᠲᠠᠭᠠᠪᠠ᠃    ᠬᠤᠶᠠᠷ᠂ ᠦᠨᠳᠦᠰᠦᠯᠡᠯ    ︽ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2021 - 2035 ᠣᠨ︶︾ ︵ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠲᠠᠷᠬᠠᠭᠠᠭᠰᠠᠨ ﹇ 2020 ﹈ 39 ᠳ᠋ᠦ᠋ᠭᠡᠷ ᠲᠣᠭᠠᠲᠤ︶ ︽ᠬᠥᠩᠭᠡᠨᠵᠢᠭᠦᠯᠬᠦ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠡᠳᠦᠭᠡ ᠬᠠᠮᠢᠶᠠᠷᠤᠯᠲᠠ ᠶᠢᠨ ᠠᠷᠭ᠎ᠠ ᠶᠢ ᠵᠠᠷᠯᠠᠨ ᠨᠡᠶᠢᠲᠡᠯᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1