ᠤᠢᠢᠷ᠎ᠠ ᠶᠢᠨ ᠡᠳᠦᠷ ᠤᠳ ᠲᠤ᠂ ᠦ᠋ ᠵᠢᠶᠠ ᠪᠠᠯᠭᠠᠰᠤ ︽ᠡᠷᠲᠡ ᠠᠴᠠ ᠲᠥᠯᠥᠪᠵᠢᠭᠦᠯᠬᠦ᠂ ᠡᠷᠲᠡ ᠠᠴᠠ | ᠪᠠᠶᠢᠷᠢᠯᠠᠭᠤᠯᠬᠤ᠂ ᠡᠷᠲᠡ ᠠᠴᠠ ᠨᠠᠶᠢᠳᠠᠪᠤᠷᠢᠵᠢᠭᠤᠯᠬᠤ︾ ᠳᠤ ᠰᠠᠭᠤᠷᠢᠯᠠᠵᠤ᠂ ︽ᠲᠦᠷᠪᠡ ᠶᠢ ᠴᠢᠩᠭᠠᠳᠬᠠᠬᠤ︾ | ᠪᠠᠷ ᠭᠠᠷᠳᠠᠴᠠ ᠪᠣᠯᠭᠠᠵᠤ᠂ ᠪᠦᠬᠦ ᠬᠡᠯᠬᠢᠶᠡᠨ ᠤ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠰᠢᠰᠲ᠋ᠧᠮᠵᠢ | ᠪᠠᠶᠢᠭᠤᠯᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠵᠤ ᠪᠠᠶᠢᠨ᠎ᠠ᠃ | | | | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢᠨ ᠲᠤᠤᠷ ᠢ ᠨᠢᠭᠲᠠ ᠰᠥᠯᠵᠢᠪᠡ ᠃ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭᠠᠳᠬᠠᠨ | ᠪᠣᠲᠠᠲᠠᠶᠢᠵᠢᠭᠤᠯᠪᠠ᠃ ᠪᠠᠯᠭᠠᠰᠤᠨ ᠤ ᠤᠳᠤᠷᠢᠳᠤᠯᠭ᠎ᠠ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠺᠠᠳ᠋ᠷ | ᠳᠤᠭᠤᠶᠢᠯᠠᠩ ᠢ ᠳᠠᠭᠠᠭᠠᠴᠢᠯᠠᠬᠤ᠂ ᠳᠤᠭᠤᠶᠢᠯᠠᠩ ᠤᠨ ᠺᠠᠳ᠋ᠷ ᠡᠷᠦᠬᠡ ᠶᠢ ᠳᠠᠭᠠᠭᠠᠴᠢᠯᠠᠬᠤ ᠭᠤᠷᠪᠠᠨ ᠱᠠᠲᠤᠨ ᠤ | ᠬᠠᠷᠢᠭᠤᠴᠠᠯᠭ᠎ᠠ ᠶᠢ ᠳᠠᠭᠠᠭᠠᠴᠢᠯᠠᠬᠤ ᠰᠢᠰᠲ᠋ᠧᠮᠵᠢ ᠶᠢ ᠪᠠᠶᠢᠭᠤᠯᠵᠤ᠂ ᠪᠠᠯᠭᠠᠰᠤᠨ ᠤ ᠱᠠᠲᠤᠨ ᠤ ᠬᠠᠷᠢᠭᠤᠴᠠᠯᠭᠠᠲᠠᠨ | 12 ᠬᠥᠮᠦᠨ᠂ ᠲᠣᠰᠬᠤᠨ ᠤ ᠱᠠᠲᠤᠨ ᠤ ᠬᠠᠷᠢᠭᠤᠴᠠᠯᠭᠠᠲᠠᠨ 28 ᠬᠥᠮᠦᠨ ᠢ ᠨᠠᠶᠢᠳᠠᠪᠤᠷᠢᠵᠢᠭᠤᠯᠵᠤ᠂ | ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠬᠠᠷᠢᠭᠤᠴᠠᠯᠭ᠎ᠠ ᠶᠢᠨ ᠲᠣᠣᠷ ᠢ ᠨᠢᠭᠲᠠ ᠰᠦᠯᠵᠢᠵᠦ᠂ | ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠳᠤ ᠬᠠᠷᠢᠭᠤ ᠥᠭᠬᠦ᠂ ᠪᠢᠲᠡᠭᠦᠮᠵᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠦᠴᠦᠨ ᠦᠭᠡᠢ ᠪᠣᠯᠭᠠᠬᠤ᠂ ᠠᠶᠤᠯ ᠠᠴᠠ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ᠂ ᠮᠡᠳᠡᠭᠡ | ᠵᠠᠩᠭᠢ ᠶᠢ ᠴᠠᠭ ᠲᠤᠬᠠᠢ ᠳᠤᠨᠢ ᠮᠡᠳᠡᠭᠦᠯᠬᠦ ᠵᠡᠷᠭᠡ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ | ᠠᠵᠢᠯ ᠢ ᠬᠠᠮᠢᠶᠠᠷᠬᠤ ᠬᠥᠮᠦᠨ ᠲᠠᠢ᠂ ᠠᠳᠬᠤᠬᠤ ᠬᠥᠮᠦᠨ ᠲᠠᠢ᠂ ᠨᠠᠶᠢᠳᠠᠪᠤᠷᠢᠵᠢᠭᠤᠯᠬᠤ ᠬᠥᠮᠦᠨ ᠲᠠᠢ ᠪᠠᠶᠢᠬᠤ ᠶᠢ | ᠦᠨᠡᠨ ᠬᠦ ᠪᠠᠲᠤᠯᠠᠪᠠ᠃ | ᠤᠷᠢᠳᠴᠢᠯᠠᠨ ᠰᠡᠷᠡᠮᠵᠢᠯᠡᠭᠦᠯᠵᠦ ᠡᠩᠨᠡᠭᠦᠯᠥᠨ ᠪᠠᠶᠢᠴᠠᠭᠠᠬᠤ ᠶᠢ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ︽ᠠᠮᠤᠷ ᠲᠦᠪᠰᠢᠨ ᠤ ᠬᠡᠷᠡᠮ︾ ᠢ ᠪᠠᠬᠢᠵᠢᠭᠦᠯᠪᠡ ᠃ | ᠭᠡᠮ ᠰᠤᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠷᠠᠭᠤᠯᠤᠨ᠂ ᠱᠠᠯᠠᠪᠳᠠᠭᠤᠯᠤᠨ ᠴᠡᠭᠴᠡᠯᠡᠨ | ᠰᠠᠶᠢᠵᠢᠷᠠᠭᠤᠯᠬᠤ ᠶᠢ ᠴᠢᠩᠭ᠎ᠠ ᠠᠳᠬᠤᠪᠠ᠃ ᠦᠶᠡᠷ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ | ᠪᠠᠶᠢᠭᠤᠯᠵᠤ᠂ ᠸᠢᠴᠠᠲ ᠴᠤᠭᠯᠠᠷᠠᠯ ᠠᠴᠢᠶᠠᠯᠠᠪᠤᠷᠢ ᠪᠣᠯᠭᠠᠨ ︽ᠪᠠᠯᠭᠠᠰᠤ - ᠲᠣᠰᠬᠤᠨ - ᠡᠷᠦᠬᠡ︾ ᠭᠤᠷᠪᠠᠨ | ᠱᠠᠲᠤᠨ ᠤ ᠮᠡᠳᠡᠭᠡ ᠵᠠᠩᠭᠢᠵᠢᠯᠲᠠ ᠶᠢᠨ ᠤᠷᠢᠳᠴᠢᠯᠠᠨ ᠰᠡᠷᠡᠮᠵᠢᠯᠡᠭᠦᠯᠬᠦ ᠲᠣᠣᠷ ᠰᠦᠯᠵᠢᠶ᠎ᠡ ᠶᠢ ᠪᠠᠶᠢᠭᠤᠯᠵᠤ᠂ ᠠᠶᠤᠯ | ᠲᠦᠭᠰᠢᠭᠦᠷᠢ ᠶᠢᠨ ᠰᠠᠨᠠᠭᠤᠯᠤᠮᠵᠢ᠂ ᠤᠷᠢᠳᠴᠢᠯᠠᠨ ᠰᠡᠷᠡᠮᠵᠢᠭᠦᠯᠥᠯ ᠳᠤ ᠬᠠᠷᠢᠭᠤ ᠳᠤᠰᠬᠠᠯ ᠥᠭᠭᠦ᠂ ᠰᠢᠢᠳᠪᠦᠷᠢᠯᠡᠬᠦ | ᠬᠠᠮᠲᠤᠷᠠᠭᠰᠠᠨ ᠬᠥᠳᠡᠯᠥᠯᠲᠡ ᠵᠡᠷᠭᠡ ᠮᠡᠳᠡᠭᠡ ᠵᠠᠩᠭᠢ ᠶᠢᠨ ᠮᠢᠨᠦ᠋ᠲ ᠤᠨ ᠳᠡᠰ ᠤᠨ ᠳᠠᠮᠵᠢᠭᠤᠯᠤᠯᠲᠠ ᠶᠢ ᠪᠡᠶᠡᠯᠡᠭᠦᠯᠵᠦ | ᠂ ︽ᠠᠶᠤᠯ ᠲᠦᠭᠰᠢᠭᠦᠷᠢ᠂ ᠠᠵᠢᠯ᠂ ᠬᠠᠷᠢᠭᠤᠴᠠᠯᠭ᠎ᠠ︾ ᠭᠡᠬᠦ ᠭᠤᠷᠪᠠᠨ ᠨᠠᠷᠢᠨ ᠲᠠᠩᠰᠠ ᠶᠢ ᠲᠣᠭᠲᠠᠭᠠᠵᠤ᠂ 6 | ᠮᠡᠳᠡᠭᠡ ᠵᠠᠩᠭᠢᠴᠢ᠂ 107 ᠲᠤᠤᠷᠵᠢᠭᠰᠠᠨ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠦᠶᠡᠷ ᠠᠴᠠ | ᠡᠮᠦᠨᠡᠬᠢ ᠪᠠᠯᠭᠠᠰᠤ ᠲᠣᠰᠬᠤᠨ ᠤ ᠬᠠᠮᠲᠤᠷᠠᠨ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠪᠠᠯᠭᠠᠰᠤᠨ ᠤ | ᠬᠡᠪᠴᠢᠶᠡᠨ ᠳᠤ ᠨᠡᠶᠢᠳᠡᠮ ᠬᠠᠮᠤᠷᠬᠤ ᠭᠡᠮ ᠰᠤᠭᠤᠭ ᠤᠨ ᠡᠩᠨᠡᠭᠦᠯᠥᠨ ᠪᠠᠶᠢᠴᠠᠭᠠᠯᠲᠠ ᠥᠷᠨᠢᠭᠦᠯᠵᠦ᠂ ᠭᠡᠮ ᠰᠤᠭᠤᠭ ᠢ | ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠦᠶᠡᠷ ᠢ ᠰᠡᠷᠭᠡᠶᠢᠯᠡᠬᠦ ᠳᠤᠲᠠᠭᠳᠠᠯ ᠲᠠᠢ | ᠲᠠᠯ᠎ᠠ ᠶᠢ ᠪᠥᠬᠦ ᠲᠠᠯ᠎ᠠ ᠪᠠᠷ ᠨᠥᠬᠦᠪᠥᠷᠢᠯᠡᠪᠡ᠃ ᠨᠢᠭᠡᠨᠲᠡ ᠣᠯᠵᠤ ᠮᠡᠳᠡᠭᠰᠡᠨ 11 ᠠᠮᠤᠷ ᠲᠦᠪᠰᠢᠨ ᠤ ᠭᠡᠮ | ᠰᠤᠭᠤᠭ ᠣᠷᠤᠰᠢᠵᠤ ᠪᠠᠶᠢᠭ᠎ᠠ ᠭᠠᠵᠠᠷ ᠢ ᠣᠳᠣ ᠨᠢᠭᠡᠨᠲᠡ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠵᠤ᠂ ᠠᠶᠤᠯ ᠭᠠᠮᠰᠢᠭ ᠠᠴᠠ ᠠᠪᠤᠷᠠᠬᠤ ᠵᠢᠩᠬᠢᠨᠢ | ᠪᠣᠳᠠᠲᠤ ᠬᠥᠴᠥᠨ ᠢ ᠪᠤᠢ ᠪᠣᠯᠭᠠᠪᠠ ᠃ | ᠪᠣᠯᠪᠠᠰᠤᠷᠠᠯ ᠰᠣᠷᠢᠯᠲᠠ᠂ ᠡᠳ᠋ ᠪᠣᠳᠠᠰ ᠤᠨ ᠨᠥᠭᠡᠴᠡᠯᠡᠯᠲᠡ ᠶᠢᠨ ᠬᠤᠣᠰ ᠵᠠᠮ ᠤᠨ ᠪᠠᠲᠤᠯᠠᠭ᠎ᠠ ᠶᠢ | ᠴᠢᠩᠭᠠᠳᠬᠠᠪᠠ᠃ ︽ᠰᠡᠷᠭᠡᠶᠢᠯᠡᠬᠦ ᠪᠠᠷ ᠭᠤᠤᠯ ᠪᠣᠯᠭᠠᠵᠤ᠂ ᠰᠡᠷᠭᠡᠶᠢᠯᠡᠬᠦ ᠶᠢ ᠴᠢᠬᠤᠯᠠᠴᠢᠯᠠᠨ ᠠᠳᠬᠤᠬᠤ︾ ᠦᠵᠡᠯ | ᠰᠠᠨᠠᠭ᠎ᠠ ᠶᠢ ᠪᠠᠷᠢᠮᠲᠠᠯᠠᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ 6᠂ ᠲᠤᠬᠠᠶ ᠶᠢᠨ ᠲᠠᠯᠠᠪᠠᠶ ᠳᠤ | ᠰᠢᠢᠳᠪᠥᠷᠢᠯᠡᠬᠦ ᠲᠥᠰᠦᠯ 2 ᠢ ᠲᠤᠭᠲᠠᠭᠠᠨ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 1 | ᠤᠳᠠᠭ᠎ᠠ ᠥᠷᠨᠢᠭᠦᠯᠵᠦ᠂ ︽ᠰᠣᠷᠢᠯᠲᠠ ᠪᠠᠷ ᠪᠠᠶᠢᠯᠳᠤᠭᠠᠨ ᠪᠣᠯᠭᠠᠬᠤ︾ ᠪᠠᠷ ᠳᠠᠮᠵᠢᠭᠤᠯᠤᠨ᠂ ᠦᠶᠡᠷ ᠢ ᠰᠡᠷᠭᠡᠶᠢᠯᠡᠵᠦ | ᠠᠶᠤᠯ ᠠᠴᠠ ᠠᠪᠤᠷᠠᠬᠤ ᠡᠩᠨᠡᠭᠡᠨ ᠤ ᠵᠣᠬᠢᠴᠠᠭᠤᠯᠤᠨ ᠪᠠᠶᠢᠯᠳᠤᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠵᠤ | ᠠᠶᠤᠯ ᠠᠴᠠ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠡᠭᠦᠨ ᠤ ᠬᠠᠮᠲᠤ ᠡᠯᠡᠰᠦᠨ | ᠤᠭᠤᠲᠠ᠂ ᠤᠰᠤ ᠲᠠᠲᠠᠬᠤ ᠮᠠᠰᠢᠨ᠂ ᠮᠠᠶᠢᠬᠠᠨ᠂ ᠬᠤᠷᠴᠠ ᠭᠡᠷᠡᠯᠲᠦ ᠭᠡᠷᠡᠯᠲᠥᠭᠦᠯᠥᠭᠴᠢ᠂ ᠬᠥᠪᠥᠩ ᠬᠥᠨᠵᠢᠯᠡ | ᠵᠡᠷᠭᠡ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠡᠳ᠋ ᠪᠣᠳᠠᠰ ᠢ ᠨᠥᠭᠡᠴᠡᠯᠡᠬᠦ ᠠᠵᠢᠯ ᠢ ᠰᠠᠶᠢᠲᠤᠷ ᠬᠢᠪᠡ᠃ | ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠪᠥᠬᠦ ᠠᠷᠠᠳ ᠤᠨ ᠦᠶᠡᠷ ᠢ ᠰᠡᠷᠭᠡᠶᠢᠯᠡᠬᠦ ︽ᠲᠥᠪᠯᠡᠩᠭᠦᠶ | ᠬᠦᠴᠦᠨ︾ ᠢ ᠨᠢᠭᠲᠠᠷᠠᠭᠤᠯᠪᠠ ᠃ | ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠦᠵᠡᠯ ᠤᠬᠠᠮᠰᠠᠷ ᠢ ᠴᠢᠩᠭᠠᠳᠬᠠᠪᠠ᠃ ᠲᠣᠰᠬᠤᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ | ᠪᠤᠯᠤᠩ᠂ ᠸᠢᠴᠠᠲ ᠴᠤᠭᠯᠠᠷᠠᠯ᠂ ᠡᠷᠦᠬᠡ ᠳᠤ ᠣᠷᠣᠵᠤ ᠰᠤᠷᠪᠤᠯᠵᠢᠯᠠᠬᠤ ᠵᠡᠷᠭᠡ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠠᠷᠭ᠎ᠠ ᠵᠠᠮ ᠢᠶᠠᠷ ᠳᠠᠮᠵᠢᠭᠤᠯᠤᠨ᠂ ᠰᠢᠷᠦᠭᠦᠨ ᠪᠣᠷᠣᠭᠠᠨ ᠢ ᠤᠷᠢᠳᠴᠢᠯᠠᠨ ᠰᠡᠷᠡᠮᠵᠢᠯᠡᠭᠦᠯᠬᠦ᠂ | ᠦᠶᠡᠷ ᠤᠨ ᠠᠶᠤᠯ ᠠᠴᠠ ᠵᠠᠶᠢᠯᠠᠬᠤ᠂ ᠠᠶᠤᠩᠭ᠎ᠠ ᠴᠠᠬᠢᠯᠭᠠᠨ ᠢ ᠰᠡᠷᠭᠡᠶᠢᠯᠡᠬᠦ ᠵᠡᠷᠭᠡ ᠮᠡᠳᠡᠯᠭᠡ ᠶᠢ ᠥᠷᠭᠡᠨ ᠢᠶᠠᠷ | ᠲᠦᠭᠡᠮᠡᠯᠵᠢᠭᠦᠯᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠪᠥᠬᠦ ᠪᠠᠯᠭᠠᠰᠤᠨ ᠤ ᠡᠯ᠎ᠡ ᠲᠣᠰᠬᠤᠨ ︵ᠨᠡᠶᠢᠭᠡᠮ ᠲᠣᠭᠤᠷᠢᠭ︶ ᠢ ᠬᠠᠮᠤᠷᠪᠠ᠃ 24 ᠴᠠᠭ ᠤᠨ ᠵᠢᠵᠢᠭᠦᠷᠯᠡᠬᠦ | ᠤᠲᠠᠰᠤ ᠶᠢ ᠨᠡᠶᠢᠲᠡᠯᠡᠵᠦ᠂ ᠣᠯᠠᠨ ᠲᠦᠮᠡᠨ ᠤ ᠭᠡᠮ ᠰᠤᠭᠤᠭ ᠢ ᠡᠩᠨᠡᠭᠦᠯᠥᠨ ᠪᠠᠶᠢᠴᠠᠭᠠᠬᠤ ᠪᠠ ᠲᠦᠭᠰᠢᠭᠦᠷᠢᠲᠦ | ᠪᠠᠶᠢᠳᠠᠯ ᠤᠨ ᠮᠡᠳᠡᠭᠦᠯᠦᠯᠲᠡ ᠳᠤ ᠣᠷᠣᠯᠴᠠᠬᠤ ᠶᠢ ᠵᠣᠷᠢᠭᠵᠢᠭᠤᠯᠬᠤ ᠶᠢᠨ ᠬᠠᠮᠲᠤ ᠠᠶᠤᠯ ᠳᠤ ᠤᠴᠠᠷᠠᠭᠰᠠᠨ ᠣᠯᠠᠨ | ᠲᠦᠮᠡᠨ ᠤ ᠭᠠᠮᠰᠢᠭ ᠢ ᠲᠠᠨᠢᠵᠤ ᠭᠠᠮᠰᠢᠭ ᠢ ᠰᠡᠷᠭᠡᠶᠢᠯᠡᠬᠦ᠂ ᠠᠶᠤᠯ ᠭᠠᠮᠰᠢᠭ ᠠᠴᠠ ᠠᠪᠤᠷᠠᠬᠤ ᠳᠤᠰᠬᠠᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠳᠤᠰᠬᠠᠯ ᠬᠤᠷᠳᠤᠨ᠂ ᠬᠡᠷᠡᠭᠯᠡᠵᠦ ᠳᠡᠶᠢᠯᠬᠦ᠂ ᠦᠨᠡᠨ ᠬᠦ ᠲᠤᠰᠠᠲᠠᠶ ᠪᠠᠶᠢᠬᠤ ᠶᠢ | ᠪᠡᠶᠡᠯᠡᠭᠦᠯᠵᠦ᠂ ︽ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠥᠢᠴᠡᠳᠬᠡᠬᠦ︾ | ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠰᠢᠯ ᠢ ᠪᠣᠶ ᠪᠣᠯᠭᠠᠪᠠ᠃ | ᠵᠠᠯᠭᠠᠭᠠᠳ᠂ ᠡᠦ ᠵᠢᠶᠠ ᠪᠠᠯᠭᠠᠰᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ | ᠪᠠᠭᠤᠷᠠᠶ ᠭᠤᠭᠴᠤᠭ᠎ᠠ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠪᠠ ᠬᠡᠮ ᠰᠣᠭᠤᠭ ᠢ ᠡᠩᠨᠡᠭᠦᠯᠥᠨ ᠪᠠᠶᠢᠴᠠᠭᠠᠬᠤ ᠳᠠᠪᠲᠠᠮᠵᠢ ᠪᠠᠨ ᠴᠢᠩᠭᠠᠳᠬᠠᠵᠤ᠂ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ | ᠂ ︽ᠠᠶᠤᠯ ᠲᠦᠭᠰᠢᠭᠦᠷᠢ ᠭᠠᠷᠬᠤ ᠠᠴᠠ ᠡᠮᠥᠨ᠎ᠡ ᠤᠷᠢᠳᠴᠢᠯᠠᠨ ᠰᠡᠷᠭᠡᠶᠢᠯᠡᠬᠦ︾ ᠡᠭᠦᠷᠭᠡᠯᠡᠯ ᠢᠶᠠᠷ ᠦᠶᠡᠷ ᠢ | ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠤᠯᠠᠨ ᠲᠦᠮᠡᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠨ᠎ᠠ᠃ | |