ᠰᠢᠤᠢ ᠯᠢ ᠵᠢᠶᠦ᠋ᠨ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠪᠣᠯᠤᠨ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭᠵᠢᠯ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/13
   
a1_副本.jpg
       6 ᠰᠠᠷ᠎ᠠ ᠶᠢᠨ 11᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠪᠣᠯᠤᠨ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭᠵᠢᠯ ᠤᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠯᠢ ᡁᠢ ᠭᠠᠩ᠂ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃    ᠰᠢᠤᠢ ᠯᠢ ᠵᠢᠶᠦ᠋ᠨ ᠨᠠᠷ ᠤᠷᠢᠳ ᠬᠤᠵᠢᠳ ᠤᠯᠠᠭᠠᠨᠬᠠᠳᠠ ᠶᠢᠨ ᠶᠢᠨ ᠰᠢᠤᠢ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠫᠦ᠋ ᠶᠢᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠬᠤᠲᠠ ᠶᠢᠨ ᠪᠠᠶ ᠱᠠᠨ ᠡᠮ ᠡᠮᠨᠡᠯᠭᠡ ᠶᠢᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠪᠥᠸᠧ ᠡᠸ᠋ᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠺᠠᠩ ᠫᠦ᠋ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠲᠢᠶᠠᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠦᠩ ᠪᠠᠩ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢ ᠫᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠳ᠋ᠢ ᠰᠧ ᠮᠠᠨ ᠷᠦᠨ ᠪᠠᠩ ︵ᠥᠪᠥᠷ ᠮᠣᠩᠭᠤᠯ︶ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠷᠥᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠤᠩᠭᠤᠯ ᠤᠨ ᠺᠧ ᠸᠧᠢ ᠪᠥᠸᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠥᠷᠴᠥ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ᠂ ᠵᠠᠬ᠎ᠠ ᠳᠡᠯᠭᠡᠭᠦᠷ ᠤᠨ ᠨᠡᠭᠡᠭᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠪᠣᠯᠤᠨ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭᠵᠢᠯ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠰᠢᠤᠢ ᠯᠢ ᠵᠢᠶᠦ᠋ᠨ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠰᠢᠯᠢᠳᠡᠭᠵᠢᠭᠦᠯᠵᠦ᠂ ᠡᠯᠧᠮᠧᠨ᠋ᠲ ᠢ ᠥᠨᠳᠥᠷ ᠪᠦᠲᠦᠮᠵᠢᠲᠡᠢ ᠪᠠᠷ ᠬᠠᠮᠲᠤᠪᠠᠷ ᠡᠳ᠋ᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠦᠨᠡᠨᠬᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠤᠭᠤᠷᠣᠨᠳᠣᠬᠢ ᠭᠦᠨᠵᠡᠭᠡᠢ ᠬᠠᠮᠲᠤᠷᠠᠯᠴᠠᠭ᠎ᠠ ᠶᠢ ᠬᠦᠴᠦᠯᠡᠨ ᠴᠢᠩᠭᠠᠳᠬᠠᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠵᠢᠴᠢ ᠣᠷᠣᠨ ᠪᠦᠰᠡ ᠶᠢᠨ ᠬᠤᠭᠤᠷᠣᠨᠳᠣᠬᠢ ᠳᠣᠲᠣᠭᠠᠳᠤ ᠣᠷᠴᠢᠯ ᠢ ᠠᠬᠢᠭᠤᠯᠵᠤ᠂ ᠠᠵᠤ ᠦᠢᠯᠡᠰ ᠤᠨ ᠬᠡᠯᠬᠢᠶᠡᠨ ᠤ ᠤᠶᠠᠨ ᠬᠠᠳᠠᠨ ᠴᠢᠨᠠᠷ ᠪᠣᠯᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠳ ᠵᠠᠬ᠎ᠠ ᠳᠡᠯᠭᠡᠭᠦᠷ ᠤᠨ ᠤᠳᠤᠷᠢᠳᠤᠮᠵᠢ ᠪᠠ ᠬᠡᠷᠡᠭᠴᠡᠭᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠣᠷᠣᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠤᠯᠠᠷᠢᠭᠤᠯᠤᠯᠲᠠ ᠪᠠ ᠦᠢᠯᠡᠳᠬᠦᠨ ᠢ ᠵᠠᠬ᠎ᠠ ᠳᠡᠯᠭᠡᠭᠦᠷᠴᠢᠯᠡᠬᠦ ᠠᠬᠢᠴᠠ ᠶᠢ ᠲᠦᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠥᠷᠭᠡᠳᠬᠡᠵᠦ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠪᠠ ᠠᠵᠤ ᠦᠢᠯᠡᠰ ᠤᠨ ᠬᠡᠪᠴᠢᠶᠡᠲᠦ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠤᠸᠠᠨ ᠪᠦᠦ ᠱᠠᠨ ᠲᠣᠭᠤᠷᠢᠭ ᠤᠨ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠪᠣᠯᠤᠨ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶᠡᠨ ᠤ ᠪᠥᠯᠥᠭᠵᠢᠯ ᠢ ᠨᠡᠩ ᠴᠢᠨᠠᠷ ᠰᠠᠶᠢᠲᠠᠢ᠂ ᠨᠡᠩ ᠥᠨᠳᠥᠷ ᠲᠦᠪᠰᠢᠨ ᠲᠡᠶᠢᠰᠢ ᠬᠥᠭᠵᠢᠭᠦᠯᠬᠦ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1