ᠵᠢᠯ ᠤᠨ ᠡᠬᠢᠨ ᠠᠴᠠ ᠨᠠᠭᠠᠰᠢ᠂ ᠦ᠋ ᠵᠢᠶᠠ ᠪᠠᠯᠭᠠᠰᠤ ᠦᠵᠡᠯ ᠰᠠᠨᠠᠭ᠎ᠠ ᠪᠠᠨ ᠴᠢᠯᠥᠭᠡᠯᠡᠵᠦ ᠬᠠᠷᠢᠭᠤᠴᠠᠯᠭ᠎ᠠ ᠶᠢ | ᠶᠡᠬᠡᠪᠡᠷ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠠᠵᠤ ᠠᠬᠤᠶᠢᠯᠠᠯ ᠢ | ᠬᠠᠪᠰᠤᠷᠤᠨ ᠦᠷ᠎ᠡ ᠠᠰᠢᠭ ᠢ ᠨᠢ ᠨᠡᠮᠡᠭᠳᠡᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠤᠨ ᠰᠤᠯᠠ ᠪᠠᠶᠢᠭ᠎ᠠ | ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠵᠤ ᠭᠥᠢᠯᠭᠡᠭᠡᠨ ᠲᠠᠢ ᠪᠣᠯᠭᠠᠬᠤ᠂ ᠲᠦᠬᠦᠭᠡᠷᠦᠮᠵᠢᠲᠦ ᠲᠠᠷᠢᠶᠠᠯᠠᠩ ᠤᠨ | ᠬᠠᠭᠤᠴᠢᠨ ᠬᠦᠯᠡᠮᠵᠢ ᠶᠢ ᠰᠢᠨᠡᠳᠬᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠭᠴᠡᠯᠡᠨ ᠵᠠᠰᠠᠬᠤ᠂ | ᠪᠠᠯᠭᠠᠰᠤ ᠲᠣᠰᠬᠤᠨ ᠤ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠬᠤ᠂ ᠡᠷᠦᠬᠡ ᠳᠤ ᠬᠥᠷᠴᠥ ᠶᠡᠬᠡᠪᠡᠷ | ᠰᠤᠷᠪᠤᠯᠵᠢᠯᠠᠬᠤ ᠪᠠ ᠤᠬᠠᠭᠤᠯᠤᠨ ᠲᠠᠨᠢᠯᠴᠠᠭᠤᠯᠭ᠎ᠠ ᠶᠢ ᠶᠡᠭᠡ ᠪᠠᠷ ᠳᠡᠭᠡᠭᠰᠢᠯᠡᠭᠦᠯᠬᠦ ︽ᠨᠠᠢᠮᠠᠨ ᠠᠵᠢᠯᠯᠠᠭ᠎ᠠ︾ ᠶᠢ | ᠥᠷᠨᠢᠭᠦᠯᠵᠦ᠂ ᠠᠯᠢ ᠤᠯᠠᠨ ᠰᠢᠨ᠎ᠡ ᠠᠷᠭ᠎ᠠ ᠬᠡᠮᠵᠢᠶ᠎ᠡ ᠰᠢᠨ᠎ᠡ ᠠᠷᠭ᠎ᠠ ᠪᠣᠳᠤᠯᠭ᠎ᠠ ᠰᠢᠨ᠎ᠡ ᠲᠣᠭᠲᠠᠴᠠ ᠶᠢ | ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠢᠯᠡᠷᠡᠭᠦᠯᠪᠡ᠃ | | | | | | ᠡᠭᠦᠨ ᠳᠤ ᠡᠷᠦᠬᠡ ᠳᠤ ᠬᠦᠷᠴᠦ ᠶᠡᠬᠡᠪᠡᠷ ᠰᠤᠷᠪᠤᠯᠵᠢᠯᠠᠬᠤ ᠠᠵᠢᠯᠯᠠᠭ᠎ᠠ ᠨᠢ ᠨᠢᠭᠡ ᠵᠦᠢᠯ ᠤᠨ ᠭᠤᠤᠯᠳᠠᠯᠭ᠎ᠠ ᠲᠠᠢ | ᠠᠵᠢᠯ ᠪᠣᠯᠤᠭᠰᠠᠨ ᠤ ᠬᠤᠪᠢ ᠳᠤ᠂ ᠪᠥᠬᠦ ᠪᠠᠯᠭᠠᠰᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠬᠦᠴᠢᠷᠳᠡᠯᠲᠡᠶ | ᠣᠯᠠᠨ ᠲᠦᠮᠡᠨ ᠢ ᠭᠦᠨᠵᠡᠭᠡᠶ ᠰᠤᠷᠪᠤᠯᠵᠢᠯᠠᠵᠤ᠂ ᠠᠷᠠᠳ ᠤᠨ ᠪᠠᠶᠢᠳᠠᠯ ᠤᠨ ᠡᠬᠡ ᠲᠠᠩᠰᠠ ᠶᠢ ᠡᠮᠬᠢᠯᠡᠨ | ᠨᠠᠷᠢᠯᠢᠬᠵᠢᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠦᠷᠦᠭᠦᠯᠡᠨ ᠡᠭᠦᠨ ᠤ | ᠳᠣᠲᠣᠷᠠᠬᠢ 44 ᠡᠷᠦᠬᠡ ᠬᠠᠷᠢᠴᠠᠩᠭᠤᠶ ᠬᠦᠴᠢᠷᠳᠡᠯᠲᠡᠶ ᠣᠯᠠᠨ ᠲᠦᠮᠡᠨ ᠤ ᠬᠡᠷ ᠪᠦᠯᠢ ᠲᠠᠢ ᠬᠠᠪᠰᠤᠷᠤᠨ ᠲᠡᠳᠬᠦᠬᠦ | ᠬᠤᠣᠰᠯᠠᠯ ᠪᠣᠯᠵᠣ᠂ ᠤᠳᠠᠭᠠᠨ ᠵᠢᠯ ᠳᠠᠭᠠᠭᠠᠴᠢᠯᠠᠨ ᠬᠤᠯᠪᠣᠭᠠᠯᠠᠪᠠ᠃ ᠰᠤᠷᠪᠤᠯᠵᠢᠯᠠᠬᠤ ᠶᠠᠪᠤᠴᠠ ᠳᠤ᠂ | ᠳᠠᠭᠠᠭᠠᠴᠢᠯᠠᠨ ᠬᠤᠯᠪᠣᠭᠠᠯᠠᠭᠰᠠᠨ ᠺᠠᠳ᠋ᠷ ᠨᠢᠭᠡᠪᠦᠷᠢ ᠰᠠᠨᠠᠭᠠᠴᠢᠯᠠᠭ᠎ᠠ ᠠᠴᠠ ᠪᠠᠨ ᠬᠦᠴᠢᠷᠳᠡᠯᠲᠡᠶ ᠣᠯᠠᠨ ᠲᠦᠮᠡᠨ ᠤ | ᠬᠡᠷ ᠲᠤ ᠭᠦᠨᠵᠡᠭᠡᠶᠢᠷᠡᠵᠦ᠂ ᠵᠣᠭᠤᠭ ᠳᠡᠯᠭᠡᠬᠦ᠂ ᠬᠡᠷᠡᠭᠴᠡᠭᠡ ᠱᠠᠭᠠᠷᠳᠠᠯᠭ᠎ᠠ ᠶᠢ ᠨᠢ ᠠᠰᠠᠭᠤᠬᠤ ᠪᠠᠷ ᠳᠠᠮᠵᠢᠨ᠂ | ᠪᠦᠭᠦᠳᠡᠭᠡᠷ ᠢᠶᠠᠨ ᠣᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠲᠡᠳᠡᠨ ᠤ ᠠᠮᠢᠳᠤᠷᠠᠯ᠂ | ᠠᠵᠢᠯ ᠣᠯᠭᠤᠯᠲᠠ᠂ ᠡᠪᠡᠳᠴᠢᠨ ᠦᠵᠡᠭᠦᠯᠬᠦ᠂ ᠦᠷ᠎ᠡ ᠬᠡᠤᠬᠡᠳ ᠤᠨ ᠰᠤᠷᠭᠠᠨ ᠬᠥᠮᠦᠵᠢᠯ ᠵᠡᠷᠭᠡ ᠲᠠᠯ᠎ᠠ ᠪᠠᠷ | ᠲᠤᠯᠭᠠᠷᠠᠭᠰᠠᠨ ᠬᠦᠴᠢᠷ ᠠᠰᠠᠭᠤᠳᠠᠯ ᠢ ᠨᠠᠷᠢᠨ ᠣᠶᠢᠯᠠᠭᠠᠪᠠ᠃ ᠠᠳᠠᠯᠢ ᠪᠤᠰᠤ ᠬᠦᠴᠢᠷᠳᠡᠯᠲᠡᠶ ᠣᠯᠠᠨ ᠲᠦᠮᠡᠨ ᠤ | ᠪᠣᠳᠠᠲᠤ ᠪᠠᠶᠢᠳᠠᠯ ᠳᠤ ᠴᠢᠭᠯᠡᠭᠦᠯᠦᠨ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠᠨ ᠲᠣᠭᠲᠠᠭᠠᠪᠠ᠃ ᠵᠠᠷᠢᠮ | ᠳᠠᠭᠠᠭᠠᠴᠢᠯᠠᠨ ᠬᠤᠯᠪᠤᠭᠠᠯᠠᠭᠰᠠᠨ ᠺᠠᠳ᠋ᠷ ᠬᠦᠴᠢᠷᠳᠡᠯᠲᠡᠶ ᠣᠯᠠᠨ ᠲᠦᠮᠡᠨ ᠤ ᠭᠡᠷ ᠪᠦᠯᠢ ᠳᠠᠬᠢ ᠤᠳᠠᠭᠠᠨ ᠵᠢᠯ ᠢᠶᠠᠷ | ᠬᠡᠪᠲᠡᠵᠦ ᠪᠠᠶᠢᠭ᠎ᠠ ᠡᠪᠡᠳᠴᠢᠲᠡᠨ ᠢ ᠬᠠᠪᠰᠤᠷᠤᠨ ᠬᠠᠪᠰᠤᠷᠤᠨ ᠬᠠᠮᠢᠶ᠎ᠠ ᠪᠦᠬᠦᠢ ᠤᠯᠤᠰ ᠤᠨ ᠲᠥᠷᠥ ᠶᠢᠨ | ᠪᠣᠳᠣᠯᠭ᠎ᠠ ᠶᠢᠨ ᠨᠥᠬᠦᠪᠥᠷᠢ ᠶᠢ ᠭᠤᠶᠤᠴᠢᠯᠠᠵᠤ ᠥᠭᠴᠦ ᠪᠠᠶᠢᠨ᠎ᠠ︔ ᠵᠠᠷᠢᠮ ᠳᠠᠭᠠᠭᠠᠴᠢᠯᠠᠨ ᠬᠤᠯᠪᠤᠭᠠᠯᠠᠭᠰᠠᠨ ᠺᠠᠳ᠋ᠷ | ᠨᠢ ᠬᠦᠴᠢᠷᠳᠡᠯᠲᠡᠶ ᠣᠯᠠᠨ ᠲᠦᠮᠡᠨ ᠤ ᠦᠷ᠎ᠡ ᠬᠡᠤᠬᠡᠳ ᠢ ᠬᠠᠪᠰᠤᠷᠤᠨ ᠠᠯᠪᠠᠨ ᠠᠴᠠ ᠡᠷᠬᠢᠯᠡᠭᠰᠡᠨ ᠬᠡᠤᠬᠡᠳ ᠤᠨ | ᠴᠡᠴᠡᠷᠯᠢᠭ ᠲᠤ ᠬᠦᠷᠴᠦ ᠰᠤᠷᠭᠠᠭᠤᠯᠢ ᠳᠤ ᠣᠷᠤᠭᠤᠯᠵᠤ ᠥᠭᠴᠦ ᠪᠠᠶᠢᠨ᠎ᠠ︔ ᠵᠠᠷᠢᠮ ᠳᠠᠭᠠᠭᠠᠴᠢᠯᠠᠨ | ᠬᠤᠯᠪᠣᠭᠠᠯᠠᠭᠰᠠᠨ ᠺᠠᠳ᠋ᠷ ᠨᠢ ᠠᠵᠢᠯ ᠤᠯᠬᠤ ᠬᠦᠰᠡᠯ ᠲᠠᠢ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠠᠵᠢᠯ | ᠤᠯᠬᠤ ᠮᠡᠳᠡᠭᠡ ᠵᠠᠩᠭᠢ ᠡᠷᠢᠵᠦ ᠥᠭᠴᠦ ᠪᠠᠶᠢᠨ᠎ᠠ︔ ᠵᠠᠷᠢᠮ ᠳᠠᠭᠠᠭᠠᠴᠢᠯᠠᠨ ᠬᠤᠯᠪᠤᠭᠠᠯᠠᠭᠰᠠᠨ ᠺᠠᠳ᠋ᠷ ᠨᠢ | ᠬᠦᠴᠢᠷᠳᠡᠯᠲᠡᠶ ᠵᠡᠮᠳᠡᠭ ᠤᠯᠠᠨ ᠲᠦᠮᠡᠨ ᠢ ᠬᠠᠪᠰᠤᠷᠤᠨ ᠵᠡᠮᠳᠡᠭᠴᠤᠳ ᠤᠨ ᠦᠨᠡᠮᠯᠡᠯ ᠣᠯᠭᠤᠵᠤ ᠥᠭᠴᠦ ᠪᠠᠶᠢᠨ᠎ᠠ︔ | ᠵᠠᠷᠢᠮ ᠳᠠᠭᠠᠭᠠᠴᠢᠯᠠᠨ ᠬᠤᠯᠪᠣᠭᠠᠯᠠᠭᠰᠠᠨ ᠺᠠᠳ᠋ᠷ ᠨᠢ ᠬᠦᠴᠢᠷᠳᠡᠯᠲᠡᠶ ᠣᠯᠠᠨ ᠲᠦᠮᠡᠨ ᠤ ᠦᠷ᠎ᠡ ᠬᠡᠤᠬᠡᠳ ᠢ | ᠬᠠᠪᠰᠤᠷᠤᠨ ᠪᠠᠶᠢᠭ᠎ᠠ ᠰᠤᠷᠭᠠᠭᠤᠯᠢ ᠳᠤ ᠨᠢ ᠬᠠᠮᠢᠶ᠎ᠠ ᠪᠦᠬᠦᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ | ᠭᠤᠶᠤᠴᠢᠯᠠᠵᠤ ᠥᠭᠴᠦ ᠪᠠᠶᠢᠨ᠎ᠠ︔ ᠵᠠᠷᠢᠮ ᠳᠠᠭᠠᠭᠠᠴᠢᠯᠠᠨ ᠬᠤᠯᠪᠣᠭᠠᠯᠠᠭᠰᠠᠨ ᠺᠠᠳ᠋ᠷ ᠨᠢ ᠬᠠᠯᠠᠭᠤᠨ ᠰᠡᠳᠬᠢᠯᠲᠦ | ᠬᠥᠮᠦᠰ ᠢ ᠡᠷᠢᠵᠦ ᠪᠠᠶᠢᠭᠠᠳ ᠬᠦᠴᠢᠷᠳᠡᠯᠲᠡᠶ ᠣᠯᠠᠨ ᠲᠦᠮᠡᠨ ᠤ ᠦᠷ᠎ᠡ ᠬᠡᠤᠬᠡᠳ ᠢ ᠲᠤᠰᠠᠯᠠᠨ ᠰᠤᠷᠭᠠᠭᠤᠯᠢ ᠳᠤ | ᠣᠷᠣᠭᠤᠯᠵᠤ ᠥᠭᠴᠦ ᠪᠠᠶᠢᠨ᠎ᠠ ︔ ᠵᠠᠷᠢᠮ ᠳᠠᠭᠠᠭᠠᠴᠢᠯᠠᠨ ᠬᠤᠯᠪᠣᠭᠠᠯᠠᠭᠰᠠᠨ ᠺᠠᠳ᠋ᠷ ᠨᠢ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠤᠨ ᠡᠳᠦᠷ ᠲᠤ ᠬᠠᠪᠰᠤᠷᠤᠨ ᠳᠡᠳᠬᠦᠬᠦ ᠣᠯᠠᠨ ᠲᠦᠮᠡᠨ ᠤ ᠬᠡᠷ ᠪᠦᠯᠢ ᠳᠤ | ᠭᠠᠭ᠋ᠠᠶ ᠶᠢᠨ ᠮᠢᠬ᠎ᠠ᠂ ᠵᠢᠮᠢᠰ ᠪᠠ ᠦᠨᠢᠶᠡᠨ ᠰᠦ ᠬᠦᠷᠭᠡᠪᠡ ᠁ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ | ᠲᠡᠳᠬᠦᠬᠦ ᠠᠵᠢᠯ ᠨᠢ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠠᠰᠠᠭᠤᠳᠠᠯ ᠢ ᠰᠢᠢᠳᠪᠥᠷᠢᠯᠡᠭᠰᠡᠨ ᠢᠶᠠᠷ ᠪᠠᠷᠠᠬᠤ | ᠥᠬᠡᠶ᠂ ᠪᠠᠰᠠ ᠺᠠᠳ᠋ᠷ ᠪᠣᠯᠤᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠨᠠᠮ ᠪᠣᠯᠤᠨ | ᠵᠠᠰᠠᠭ ᠤᠨ ᠣᠷᠳᠣᠨ ᠤ ᠣᠯᠠᠨ ᠲᠦᠮᠡᠨ ᠤ ᠰᠡᠳᠬᠢᠯ ᠳᠠᠬᠢ ᠢᠲᠡᠭᠡᠭᠦᠯᠬᠦ ᠬᠦᠴᠦᠨ ᠪᠣᠯᠤᠨ ᠨᠢᠭᠲᠠᠷᠠᠯ ᠤᠨ | ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠪᠠ᠃ | ᠳᠠᠷᠠᠭᠠᠴᠢ ᠶᠢᠨ ᠠᠯᠬᠤᠮ ᠳᠤ᠂ ᠡᠦ ᠵᠢᠶᠠ ᠪᠠᠯᠭᠠᠰᠤ ᠺᠠᠳ᠋ᠷᠴᠤᠳ ᠤᠨ ᠬᠦᠴᠢᠷᠳᠡᠯᠲᠡᠢ ᠤᠯᠠᠨ ᠲᠦᠮᠡᠨ ᠢ | ᠳᠠᠭᠠᠭᠠᠴᠢᠯᠠᠨ ᠬᠤᠯᠪᠣᠭᠠᠯᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠷᠳᠤ ᠬᠤᠭᠤᠴᠠᠭᠠᠨ ᠤ | ᠪᠦᠲᠦᠮᠵᠢᠲᠡᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠤᠳᠤᠷᠢᠳᠬᠤ ᠪᠠᠭ ᠢᠶᠠᠷ ᠪᠠᠶᠢᠭᠤᠯᠭ᠎ᠠ ᠶᠢ | ᠲᠠᠶᠢᠴᠢᠯᠠᠬᠤ ᠪᠠᠷ ᠲᠥᠯᠥᠪᠯᠡᠵᠦ᠂ ᠪᠠᠶᠢᠭᠤᠯᠭ᠎ᠠ ᠶᠢᠨ ᠺᠠᠳ᠋ᠷᠴᠤᠳ ᠬᠥᠮᠦᠨ ᠪᠦᠬᠦᠨ ᠤᠯᠠᠨ ᠲᠦᠮᠡᠨ ᠢ ᠳᠠᠭᠠᠭᠠᠴᠢᠯᠠᠨ | ᠬᠤᠯᠪᠣᠭᠠᠯᠠᠬᠤ ᠪᠠᠷ ᠲᠤᠬᠢᠷᠠᠭᠤᠯᠵᠤ᠂ ᠳᠠᠭᠠᠭᠠᠴᠢᠯᠠᠨ ᠬᠤᠯᠪᠣᠭᠠᠯᠠᠬᠤ ᠪᠦᠷᠬᠦᠴᠡ ᠶᠢ ᠴᠢᠨᠠᠭᠰᠢᠳᠠ ᠥᠷᠭᠡᠳᠬᠡᠵᠦ᠂ | ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ | ᠬᠦᠴᠢᠷᠳᠡᠯᠲᠡᠢ ᠤᠯᠠᠨ ᠲᠦᠮᠡᠨ ᠤ ᠬᠥᠷᠲᠡᠮᠵᠢᠲᠥ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠦᠨᠡᠨᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ | |