6 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ | ᠨᠤᠲᠤᠭ ᠪᠡᠯᠴᠢᠭᠡᠷ ᠨᠤᠭᠤ ᠴᠥᠯᠡᠷᠬᠡᠭ ᠭᠠᠵᠠᠷ ᠲᠠᠬᠢ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠡᠮᠵᠢᠯᠲᠡ ᠳᠤ | ᠬᠢᠨᠠᠨ ᠰᠢᠯᠭᠠᠬᠤ ᠲᠣᠭᠲᠠᠯᠴᠠᠭ᠎ᠠ ᠪᠠᠶᠢᠭᠤᠯᠬᠤ ᠠᠵᠢᠯ ᠤᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠲᠣᠭᠲᠠᠬᠤ | ᠰᠢᠶᠠᠨ ᠤ ᠪᠣᠳᠠ ᠮᠣᠳᠣᠨ ᠤ ᠣᠶ ᠶᠢᠨ ᠥᠯᠢᠭᠡᠷ ᠭᠠᠵᠠᠷ ᠤᠨ ᠪᠠᠶᠢᠴᠠᠭᠠᠯᠲᠠ ᠶᠢᠨ ᠲᠤᠬᠠᠶ ᠶᠢᠨ ᠲᠠᠯᠠᠪᠤᠷ ᠲᠤ | ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠬᠢᠨᠠᠨ ᠰᠢᠯᠭᠠᠬᠤ ᠲᠥᠯᠥᠪᠵᠢᠭᠦᠯᠭᠡ ᠶᠢᠨ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠬᠢᠨᠠᠨ ᠰᠢᠯᠭᠠᠬᠤ ᠬᠤᠶᠠᠳᠤᠭᠠᠷ ᠲᠥᠯᠥᠪᠵᠢᠭᠦᠯᠭᠡ ᠶᠢᠨ ᠬᠦᠷᠢᠶᠡᠯᠡᠩ᠂ ᠣᠶ | ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠲᠥᠯᠥᠪᠵᠢᠭᠦᠯᠭᠡ ᠶᠢᠨ ᠬᠦᠷᠢᠶᠡᠯᠡᠩ᠂ ᠤᠯᠤᠰ ᠤᠨ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠪᠠᠶᠢᠴᠠᠭᠠᠯᠲᠠ ᠪᠠ | ᠲᠥᠯᠥᠪᠵᠢᠭᠦᠯᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠣᠭᠲᠠᠷᠭᠤᠶ ᠶᠢᠨ ᠮᠡᠳᠡᠭᠡ ᠵᠠᠩᠭᠢ ᠶᠢᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠤᠨ ᠲᠤᠰᠬᠠᠶ | ᠮᠡᠷᠭᠡᠵᠢᠯᠲᠡᠳ ᠪᠠ ᠮᠡᠷᠭᠡᠵᠢᠯ ᠤᠨ ᠠᠵᠢᠯᠲᠠᠳ ᠲᠤᠬᠠᠶ ᠶᠢᠨ ᠲᠠᠯᠠᠪᠤᠷ ᠲᠤ ᠪᠠᠶᠢᠴᠠᠭᠠᠯᠲᠠ ᠬᠢᠵᠦ ᠬᠢᠨᠠᠨ ᠰᠢᠯᠭᠠᠪᠠ᠃ | ᠥᠪᠥᠷ ᠮᠣᠩᠭᠤᠯ ᠨᠢ ᠮᠠᠨ ᠤ ᠤᠯᠤᠰ ᠤᠨ ᠤᠮᠠᠷᠠᠲᠤ ᠣᠷᠣᠨ ᠳᠠᠬᠢ ᠲᠠᠯᠠᠪᠠᠶ ᠪᠠᠷ ᠬᠠᠮᠤᠭ ᠤᠨ ᠶᠡᠭᠡ᠂ ᠲᠥᠷᠥᠯ | ᠬᠡᠯᠪᠡᠷᠢ ᠪᠠᠷ ᠬᠠᠮᠤᠭ ᠤᠨ ᠪᠦᠷᠢᠨ ᠠᠮᠢ ᠠᠬᠤᠶ ᠶᠢᠨ ᠴᠢᠳᠠᠮᠵᠢᠳᠤ ᠣᠷᠣᠨ ᠪᠣᠯᠤᠭᠰᠠᠨ ᠤ ᠬᠤᠪᠢ ᠳᠤ᠂ ᠣᠶ | ᠰᠢᠭᠤᠶ ᠶᠢᠨ ᠲᠠᠯᠠᠪᠠᠶ 3.57 ᠳ᠋ᠦᠩᠰᠢᠭᠤᠷ ᠮᠥ᠂ ᠨᠤᠲᠤᠭ ᠪᠡᠯᠴᠢᠭᠡᠷ ᠤᠨ ᠲᠠᠯᠠᠪᠠᠶ 8.15 ᠳ᠋ᠦᠩᠰᠢᠭᠤᠷ ᠮᠥ ᠳᠤ | ᠬᠦᠷᠴᠦ᠂ ᠲᠣᠰ ᠲᠣᠰ ᠪᠥᠬᠦ ᠤᠯᠤᠰ ᠤᠨ ᠨᠢᠭᠡᠳᠦᠭᠡᠷ ᠪᠠ ᠬᠤᠶᠠᠳᠤᠭᠠᠷ ᠲᠤ ᠵᠢᠭᠰᠠᠭᠠᠭᠳᠠᠵᠤ᠂ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠬᠢ ᠪᠠᠶᠠᠯᠢᠭ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠪᠥᠬᠦ | ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠴᠥᠯᠡᠷᠬᠡᠭ ᠭᠠᠵᠠᠷ ᠲᠠᠬᠢ ᠨᠡᠭᠦᠷᠡᠰᠦᠲᠥ᠋ᠷᠥᠭᠴᠢ ᠶᠢᠨ | ᠬᠤᠷᠠᠮᠳᠤᠯ ᠤᠨ ᠬᠡᠮᠵᠢᠯᠲᠡ ᠳᠤ ᠬᠢᠨᠠᠨ ᠰᠢᠯᠭᠠᠬᠤ ᠲᠣᠭᠲᠠᠯᠴᠠᠭ᠎ᠠ ᠶᠢ ᠪᠠᠶᠢᠭᠤᠯᠬᠤ ᠪᠣᠯ ︽ᠨᠡᠭᠦᠷᠡᠰᠦᠲᠥ᠋ᠷᠥᠭᠴᠢ ᠶᠢᠨ | ᠬᠥᠮᠥᠷᠭᠡ︾ ᠶᠢ ︽ᠵᠣᠭᠤᠰᠤᠨ ᠤ ᠬᠥᠮᠥᠷᠭᠡ︾ ᠪᠣᠯᠭᠠᠨ ᠬᠤᠪᠢᠷᠠᠭᠤᠯᠬᠤ ᠶᠢᠨ ᠵᠠᠩᠭᠢᠯᠠᠭ᠎ᠠ ᠶᠢᠨ ᠰᠠᠭᠤᠷᠢ ᠠᠵᠢᠯ | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ | ᠬᠤᠷᠠᠮᠳᠤᠯ ᠤᠨ ᠥᠷᠲᠡᠭ ᠤᠨ ᠤᠯᠠᠷᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠴᠢᠬᠤᠯᠠ ᠶᠡᠭᠡ ᠠᠴᠢ | ᠬᠤᠯᠪᠣᠭᠳᠠᠯ ᠪᠠ ᠠᠯᠤᠰ ᠬᠡᠲᠦ ᠶᠢᠨ ᠨᠥᠯᠥᠭᠡ ᠲᠠᠢ ᠶᠤᠮ᠃ | ᠲᠠᠨᠢᠯᠴᠠᠭᠤᠯᠤᠭᠰᠠᠨ ᠢᠶᠠᠷ᠂ 2025 ᠣᠨ ᠤ ᠳᠡᠭᠡᠳᠦ ᠬᠠᠭᠠᠰ ᠵᠢᠯ ᠳᠤ᠂ ᠥᠪᠥᠷ ᠮᠣᠩᠭᠤᠯ ᠤᠨ CCER | ᠣᠶᠢᠵᠢᠭᠤᠯᠤᠯᠲᠠ ᠳᠠᠬᠢ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ | ᠨᠥᠭᠡᠴᠡᠯᠡᠬᠦ ᠠᠬᠢᠴᠠ ᠲᠦᠷᠭᠡᠨ ᠪᠠᠶᠢᠵᠤ᠂ ᠨᠥᠭᠡᠴᠡᠯᠡᠬᠦ ᠲᠥᠷᠥᠯ ᠵᠦᠢᠯ ᠨᠢᠳᠤᠨᠤᠨ ᠤ 18 ᠪᠠᠶᠢᠭᠰᠠᠨ ᠠᠴᠠ ᠪᠠᠨ | ᠣᠳᠣᠬᠠᠨ ᠤ 25 ᠪᠣᠯᠵᠤ᠂ ᠨᠡᠶᠢᠲᠡᠯᠡᠭᠰᠡᠨ ᠲᠥᠷᠥᠯ ᠵᠦᠢᠯ 6 ᠶᠢ ᠪᠡᠶᠡᠯᠡᠭᠦᠯᠦᠭᠡᠳ᠂ ᠨᠡᠶᠢᠲᠡᠯᠡᠭᠰᠡᠨ ᠲᠥᠷᠥᠯ | ᠵᠦᠢᠯ ᠤᠨ ᠲᠤᠭ᠎ᠠ ᠪᠠ ᠨᠡᠭᠡᠭᠡᠨ ᠬᠥᠭᠵᠢᠭᠦᠯᠦᠭᠰᠡᠨ ᠲᠠᠯᠠᠪᠠᠶ ᠪᠠᠷ ᠪᠥᠬᠦ ᠤᠯᠤᠰ ᠤᠨ ᠬᠤᠶᠠᠳᠤᠭᠠᠷ ᠲᠤ | ᠵᠢᠭᠰᠠᠭᠠᠭᠳᠠᠪᠠ︔ ︽ᠣᠶ ᠰᠢᠭᠤᠶ ᠨᠤᠲᠤᠭ ᠪᠡᠯᠴᠢᠭᠡᠷ ᠤᠨ ᠡᠨᠧᠷᠭᠢ ᠶᠢᠨ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠬᠥᠭᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ︾ ᠶᠢ ᠡᠬᠢᠯᠡᠭᠦᠯᠵᠦ᠂ | ᠭᠡᠷ᠎ᠡ ᠲᠣᠭᠲᠠᠭᠰᠠᠨ ᠵᠣᠭᠤᠰ ᠤᠨ ᠲᠤᠭ᠎ᠠ 2100 ᠲᠦᠮᠡᠨ ᠲᠥᠭᠦᠷᠢᠭ ᠲᠤ ᠬᠦᠷᠴᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠤᠭᠰᠠᠨ ᠣᠶ ᠰᠢᠭᠤᠢ ᠶᠢᠨ ᠲᠥᠷᠥᠯ ᠵᠦᠢᠯ 1.5 ᠲᠦᠮᠡᠨ ᠮᠥ ᠪᠣᠯᠵᠤ᠂ ᠵᠢᠱᠢᠯᠲᠡ ᠪᠠᠷ ᠪᠥᠬᠦ | ᠵᠢᠯ ᠳᠤ 2.5 ᠲᠦᠮᠡᠨ ᠮᠥ ᠶᠢ ᠪᠡᠶᠡᠯᠡᠭᠦᠯᠬᠦ ᠪᠣᠯᠣᠨ᠎ᠠ︔ ᠣᠶ ᠰᠢᠭᠤᠶ ᠨᠤᠲᠤᠭ ᠪᠡᠯᠴᠢᠭᠡᠷ ᠤᠨ ᠬᠤᠷᠠᠮᠳᠤᠯ ᠢ | ᠨᠡᠮᠡᠭᠳᠡᠭᠦᠯᠬᠦ 10 ᠵᠦᠢᠯ ᠤᠨ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠦᠨ᠎ᠡ᠃ | ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠴᠥᠯᠡᠷᠬᠡᠭ ᠭᠠᠵᠠᠷ ᠲᠠᠬᠢ ᠨᠡᠭᠦᠷᠡᠰᠦᠲᠥ᠋ᠷᠥᠭᠴᠢ ᠶᠢᠨ | ᠬᠤᠷᠠᠮᠳᠤᠯ ᠤᠨ ᠬᠡᠮᠵᠢᠯᠲᠡ ᠳᠤ ᠬᠢᠨᠠᠨ ᠰᠢᠯᠭᠠᠬᠤ ᠲᠣᠭᠲᠠᠯᠴᠠᠭ᠎ᠠ ᠶᠢ ᠪᠠᠶᠢᠭᠤᠯᠬᠤ ᠨᠢ ᠥᠪᠥᠷ ᠮᠣᠩᠭᠤᠯ ᠤᠨ ᠣᠶ | ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠡᠬᠢ ᠪᠠᠶᠠᠯᠢᠭ ᠢ ᠣᠨᠣᠴᠠᠲᠠᠶ | ᠬᠡᠮᠵᠢᠶᠡᠯᠡᠬᠦ ᠪᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ ᠳᠤ ᠴᠣ ᠰᠢᠨ᠎ᠡ ᠬᠠᠷᠠᠭᠠᠰᠤ ᠪᠠ ᠠᠷᠭ᠎ᠠ ᠵᠠᠮ ᠢ | ᠬᠠᠩᠭᠠᠬᠤ ᠪᠠᠷ ᠪᠠᠷᠠᠬᠤ ᠥᠬᠡᠶ᠂ ᠢᠷᠡᠭᠡᠳᠦᠶ ᠳᠤ ᠨᠡᠭᠦᠷᠡᠰᠦᠲᠥ᠋ᠷᠥᠭᠴᠢ ᠶᠢᠨ ᠬᠤᠷᠠᠮᠳᠤᠯ ᠤᠨ ᠥᠷᠲᠡᠭ ᠢ | ᠪᠦᠲᠦᠮᠵᠢᠲᠡᠶ ᠤᠯᠠᠷᠢᠭᠤᠯᠬᠤ᠂ ᠣᠷᠣᠨ ᠪᠦᠰᠡ ᠶᠢᠨ ᠠᠮᠢ ᠠᠬᠤᠶ ᠶᠢᠨ ᠨᠦᠬᠦᠪᠦᠷᠢᠯᠡᠬᠦ ᠲᠣᠭᠲᠠᠴᠠ ᠶᠢᠨ | ᠲᠡᠭᠦᠯᠳᠡᠷᠵᠢᠭᠦᠯᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃ | |