ᠵᠠᠩ ᡁᠢ ᠸᠧᠶ ᠵᠢᠶᠠᠨ ᠴᠠᠩ ᠶᠢᠩ ᠲᠣᠰᠬᠤᠨ ᠤ ︽ᠠᠷᠠᠳ BA︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/6/25
    6 ᠰᠠᠷ᠎ᠠ ᠶᠢᠨ 24᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠶ ᠵᠢᠶᠠᠨ ᠴᠠᠩ ᠶᠢᠩ ᠲᠣᠰᠬᠤᠨ ᠤ ︽ᠠᠷᠠᠳ BA︾ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠤᠤ ᠵᠢᠤᠸᠠᠨ᠂ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠪᠠᠯᠭᠠᠰᠤ ᠵᠡᠭᠡᠯᠢ ᠶᠢᠨ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠵᠠᠩ ᡁᠢ ᠸᠧᠢ ᠤᠷᠤᠯᠳᠤᠭᠠᠨ ᠤ ᠲᠠᠯᠠᠪᠤᠷ ᠲᠤ ᠭᠦᠨᠵᠡᠭᠡᠶᠢᠷᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠯᠭᠠᠰᠤ ᠲᠣᠰᠬᠤᠨ ᠤ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠯᠠᠪᠤᠷ ᠤᠨ ᠪᠠᠶᠢᠭᠤᠯᠤᠯᠲᠠ ᠶᠢᠨ ᠠᠬᠢᠴᠠ᠂ ᠤᠷᠤᠯᠳᠤᠭᠠᠨ ᠤ ᠪᠡᠯᠡᠳᠬᠡᠯ᠂ ᠠᠮᠤᠷ ᠲᠦᠪᠰᠢᠨ ᠤ ᠪᠠᠲᠤᠯᠠᠭ᠎ᠠ᠂ ᠬᠤᠳᠠᠯᠳᠤᠭᠠᠨ ᠤ ᠡᠵᠡᠩᠨᠡᠯᠲᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃    ᠵᠠᠩ ᡁᠢ ᠸᠧᠶ ᠵᠢᠭᠠᠵᠤ ᠭᠠᠷᠭᠠᠭᠰᠠᠨ ᠨᠢ᠂ ᠣᠳᠣᠬᠠᠨ ᠳᠤ ᠤᠷᠤᠯᠳᠤᠭᠠᠨ ᠤ ᠪᠡᠯᠡᠳᠬᠡᠯ ᠠᠵᠢᠯ ᠨᠢᠭᠡᠨᠲᠡ ᠵᠠᠩᠭᠢᠯᠠᠭ᠎ᠠ ᠶᠢᠨ ᠱᠠᠲᠤᠨ ᠳᠤ ᠣᠷᠣᠵᠠᠶ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ︽ᠠᠷᠠᠳ BA︾᠎ ᠶᠢᠨ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠵᠡᠨ ᠬᠥᠮᠦᠨ ᠤ ᠴᠢᠩᠭ᠎ᠠ ᠤᠬᠠᠮᠰᠠᠷ᠂ ᠨᠢᠭᠲᠠ ᠠᠴᠠ ᠨᠢᠭᠲᠠ ᠠᠵᠢᠯ ᠤᠨ ᠰᠤᠷᠲᠠᠯ ᠢᠶᠠᠷ ᠤᠷᠤᠯᠳᠤᠭᠠᠨ ᠤ ᠪᠡᠯᠡᠳᠬᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠲᠠᠯᠠᠪᠤᠷ ᠤᠨ ᠳᠣᠲᠤᠨ᠎ᠠ ᠭᠠᠳᠠᠨᠠᠬᠢ ᠬᠡᠪ ᠨᠠᠮᠪᠠ ᠶᠢ ᠱᠤᠭᠤᠬᠤ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠬᠠᠮᠢᠶ᠎ᠠ ᠪᠥᠬᠦᠶ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠬᠠᠯᠠᠭᠤᠮᠰᠤᠭ ᠤᠷᠤᠯᠳᠤᠭᠠᠨ ᠤ ᠲᠠᠯᠠᠪᠤᠷ ᠤᠨ ᠳᠦᠷᠰᠦ ᠪᠠᠶᠢᠳᠠᠯ ᠢᠶᠠᠷ ᠤᠷᠤᠯᠳᠤᠭᠠᠨ ᠤ ᠶᠠᠪᠤᠭᠳᠠᠬᠤ ᠶᠢ ᠤᠭᠲᠤᠬᠤ ᠬᠡᠷᠡᠭᠲᠡᠶ᠃ ᠠᠮᠤᠷ ᠲᠦᠪᠰᠢᠨ ᠤ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠴᠢᠨᠠᠭᠰᠢᠳᠠ ᠪᠠᠲᠤᠳᠬᠠᠵᠤ᠂ ᠪᠠᠭᠤᠷᠠᠢ ᠭᠤᠭᠴᠤᠭ᠎ᠠ ᠪᠣᠯᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠤᠷᠤᠯᠳᠤᠭᠠᠨ ᠤ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠤᠷᠤᠯᠳᠤᠭᠠᠨ ᠤ ᠬᠤᠭᠤᠴᠠᠭᠠᠨ ᠳᠠᠬᠢ ᠨᠡᠶᠢᠭᠡᠮ ᠤᠨ ᠠᠮᠤᠷ ᠲᠦᠪᠰᠢᠨ᠂ ᠵᠠᠮ ᠬᠠᠷᠢᠯᠴᠠᠭ᠎ᠠ᠂ ᠡᠮ ᠡᠮᠨᠡᠯᠭᠡ᠂ ᠭᠠᠯ ᠤᠨᠲᠠᠷᠠᠭᠠᠬᠤ᠂ ᠢᠳᠡᠭᠡᠨ ᠵᠡᠷᠭᠡ ᠲᠠᠯ᠎ᠠ ᠶᠢᠨ ᠠᠮᠤᠷ ᠲᠦᠪᠰᠢᠨ ᠢ ᠪᠠᠲᠤᠯᠠᠵᠤ᠂ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃    ᠵᠠᠩ ᡁᠢ ᠸᠧᠢ ᠴᠢᠬᠤᠯᠠᠴᠢᠯᠠᠭᠰᠠᠨ ᠨᠢ᠂ ᠤᠷᠤᠯᠳᠤᠭᠠᠨ ᠤ ᠤᠬᠠᠭᠤᠯᠭ᠎ᠠ ᠳᠡᠯᠭᠡᠷᠡᠭᠦᠯᠦᠯᠲᠡ ᠶᠢ ᠪᠦᠬᠦ ᠲᠠᠯ᠎ᠠ ᠪᠠᠷ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠵᠤ᠂ ᠤᠷᠤᠯᠳᠤᠭᠠᠨ ᠠᠴᠠ ᠡᠮᠦᠨ᠎ᠡ᠂ ᠤᠷᠤᠯᠳᠤᠭᠠᠨ ᠤ ᠳᠤᠮᠳᠠ᠂ ᠤᠷᠤᠯᠳᠤᠭᠠᠨ ᠤ ᠳᠠᠷᠠᠭᠠᠬᠢ ᠤᠬᠠᠭᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠶᠢ ᠵᠡᠷᠭᠡᠪᠡᠷ ᠴᠢᠩᠭᠠᠳᠬᠠᠵᠤ᠂ ᠬᠦᠴᠦ ᠪᠠᠨ ᠬᠠᠮᠲᠤᠳᠬᠠᠨ ᠤᠷᠤᠯᠳᠤᠭᠠᠨ ᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠤᠷᠤᠯᠳᠤᠭᠠᠨ ᠤ ᠶᠡᠷᠦᠩᠬᠡᠶᠢᠯᠡᠭᠰᠡᠨ ᠦᠢᠯᠡᠳᠦᠯ ᠢ ᠦᠷᠭᠦᠯᠵᠢᠯᠡᠨ ᠥᠷᠭᠡᠳᠬᠡᠵᠦ᠂ ︽ᠰᠠᠭᠰᠤᠨ ᠪᠥᠮᠪᠦᠭᠡ ᠶᠢᠨ ᠠᠵᠤ ᠠᠬᠤᠶ︾᠎ ᠶᠢ ᠪᠤᠶᠢᠵᠢᠭᠤᠯᠤᠨ ᠥᠷᠭᠡᠳᠬᠡᠵᠦ᠂ ᠤᠷᠤᠯᠳᠤᠭᠠᠨ ᠢᠶᠠᠷ ᠵᠠᠭᠤᠴᠢ ᠪᠣᠯᠭᠠᠵᠤ᠂ ᠲᠠᠮᠢᠷ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠨᠠᠩ ᠣᠯᠠᠨ ᠣᠨᠴᠠᠯᠢᠭ ᠢᠶᠠᠷ ᠢᠯᠡ ᠲᠣᠳᠣ᠂ ᠨᠥᠯᠥᠭᠡᠯᠡᠬᠦ ᠬᠦᠴᠦᠨ ᠢᠶᠠᠷ ᠴᠢᠩᠭ᠎ᠠ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠶᠤᠸᠠᠨ ᠪᠦᠦ ᠱᠠᠨ ᠲᠣᠭᠤᠷᠢᠭ ᠤᠨ ᠵᠢᠭᠤᠯᠴᠢᠯᠠᠯ ᠤᠨ ᠡᠬᠢ ᠪᠠᠶᠠᠯᠢᠭ ᠪᠠ ᠰᠣᠶᠣᠯ ᠤᠨ ᠣᠨᠴᠠᠯᠢᠭ ᠢ ᠨᠠᠩ ᠰᠠᠶᠢᠲᠤᠷ ᠳᠡᠯᠭᠡᠨ ᠦᠵᠡᠭᠦᠯᠵᠦ᠂ ᠬᠥᠮᠦᠰ ᠤᠨ ᠬᠦᠷᠢᠶᠡᠯᠡᠯ ᠢ ᠤᠯᠠᠮ ᠨᠢᠭᠡ ᠠᠯᠬᠤᠮ ᠲᠥᠪᠯᠡᠷᠡᠭᠦᠯᠦᠨ᠂ ᠪᠡᠶᠡᠴᠢᠯᠡᠨ ᠣᠶᠢᠯᠠᠭᠠᠯᠲᠠ ᠶᠢ ᠪᠠᠶᠠᠯᠢᠭᠵᠢᠭᠤᠯᠵᠤ᠂ ᠤᠷᠤᠯᠳᠤᠭᠠᠨ ᠤ ᠤᠷᠤᠰᠬᠠᠯ ᠤᠨ ᠬᠡᠮᠵᠢᠶ᠎ᠡ ᠶᠢ ᠬᠡᠷᠡᠭᠯᠡᠭᠡᠨ ᠤ ᠨᠡᠮᠡᠭᠳᠡᠯ ᠪᠣᠯᠭᠠᠨ ᠬᠤᠪᠢᠷᠠᠭᠤᠯᠬᠤ ᠪᠠᠷ ᠬᠦᠴᠦᠯᠡᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠲᠠᠷᠢᠶᠠᠯᠠᠩ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1