ᠰᠢᠦᠢ ᠯᠢ ᠵᠢᠶᠦ᠋ᠨ ᠹᠧᠩ ᠱᠦᠢ ᠭᠸᠦ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/6/26
   
a1_副本.jpg
       6 ᠰᠠᠷ᠎ᠠ ᠶᠢᠨ 25᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ ᠹᠧᠩ ᠱᠦᠢ ᠭᠸᠤ ᠪᠠᠯᠭᠠᠰᠤᠨ ᠳᠤ ᠬᠦᠷᠴ᠊ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠯᠢ ᡁᠢ ᠭᠠᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠦᠩ ᠮᠧᠩ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠢᠴᠢ ᠹᠧᠩ ᠱᠦᠢ ᠭᠸᠦ ᠪᠠᠯᠭᠠᠰᠤᠨ ᠤ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠰᠢᠤᠢ ᠯᠢ ᠵᠢᠶᠦ᠋ᠨ ᠤᠷᠢᠳ ᠬᠤᠵᠢᠳ ᠰᠢᠶᠠ ᠺᠠᠨ ᠽᠢ ᠣᠶᠤᠨᠴᠢ ᠦᠵᠦᠮ ᠤᠨ ᠠᠵᠤ ᠦᠢᠯᠡᠰ ᠤᠨ ᠬᠦᠷᠢᠶᠡᠯᠡᠩ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠹᠧᠩ ᠱᠦᠢ ᠭᠧᠦ ᠲᠣᠰᠬᠤᠨ ᠤ ᠢᠳᠡᠰᠢᠨ ᠨᠣᠭᠤᠭ᠎ᠠ ᠴᠡᠴᠡᠭ ᠡᠪᠡᠰᠦᠨ ᠤ ᠦᠷ᠎ᠡ ᠦᠷᠡᠵᠢᠭᠦᠯᠦᠨ ᠪᠤᠶᠢᠵᠢᠭᠤᠯᠬᠤ ᠠᠵᠤ ᠦᠢᠯᠡᠰ ᠤᠨ ᠬᠦᠷᠢᠶᠡᠯᠡᠩ᠂ ᠳ᠋ᠠ ᠪᠧᠢ ᠬᠠᠢ ᠲᠣᠰᠬᠤᠨ ᠤ 100 ᠲᠦᠮᠡᠨ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠵᠤᠸᠠᠩ ᠲᠧᠦ ᠶᠢᠩᠽᠢ ᠲᠣᠰᠬᠤᠨ ᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠵᠢᠱᠢᠶ᠎ᠡ ᠦᠵᠡᠭᠦᠯᠬᠦ ᠵᠡᠭᠡᠯᠢ᠂ ᠵᠤᠸᠠᠩ ᠲᠧᠦ ᠶᠢᠩᠽᠢ ᠲᠣᠰᠬᠤᠨ ᠤ ᠵᠢᠮᠢᠰ ᠨᠣᠭᠤᠭ᠎ᠠ ᠲᠠᠷᠢᠬᠤ ᠰᠠᠭᠤᠷᠢᠨ ᠭᠠᠵᠠᠷ᠂ ᠰᠢᠩ ᠯᠦᠩ ᠫᠦᠸᠧ ᠲᠣᠰᠬᠤᠨ ᠤ ᠲᠠᠷᠪᠤᠰ ᠲᠠᠷᠢᠬᠤ ᠵᠢᠱᠢᠶ᠎ᠡ ᠦᠵᠡᠭᠦᠯᠬᠦ ᠬᠦᠷᠢᠶᠡᠯᠡᠩ᠂ ᠰᠢᠩ ᠯᠦᠩ ᠫᠦᠸᠧ ᠲᠣᠰᠬᠤᠨ ᠤ ᠬᠥᠳᠡᠭᠡ ᠲᠣᠰᠬᠤᠨ ᠤ ᠵᠠᠰᠠᠯᠲᠠ ᠶᠢᠨ ᠦᠢᠯᠡᠴᠢᠯᠡᠭᠡᠨ ᠤ ᠲᠥᠪ ᠲᠤ ᠬᠦᠷᠴᠦ᠂ ᠪᠠᠯᠭᠠᠰᠤ ᠲᠣᠰᠬᠤᠨ ᠤ ᠺᠠᠳ᠋ᠷᠴᠤᠳ ᠲᠠᠢ ᠭᠦᠨᠵᠡᠭᠡᠢ ᠶᠠᠷᠢᠯᠴᠠᠵᠤ᠂ ᠲᠦᠬᠦᠭᠡᠷᠦᠮᠵᠢᠲᠦ ᠲᠠᠷᠢᠶᠠᠯᠠᠩ ᠤᠨ ᠪᠦᠳᠦᠭᠡᠨ ᠪᠠᠶᠢᠭᠤᠯᠤᠯᠲᠠ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ᠂ ᠤᠨᠴᠠᠯᠢᠬᠳᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠬᠢᠴᠢᠶᠡᠯ ᠤᠨ ᠪᠠᠶᠢᠷᠢᠯᠠᠭᠤᠯᠤᠯᠲᠠ᠂ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠰᠢᠤᠢ ᠯᠢ ᠵᠢᠶᠦ᠋ᠨ ᠹᠧᠩ ᠱᠦᠢ ᠭᠸᠤ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠠᠢ ᠶᠠᠷᠢᠯᠴᠠᠬᠤ ᠬᠤᠷᠠᠯ ᠬᠢᠪᠡ᠃ ᠲᠡᠷᠡ ᠴᠢᠬᠤᠯᠠᠴᠢᠯᠠᠭᠰᠠᠨ ᠨᠢ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠠᠭ ᠲᠤᠬᠠᠢ ᠳᠤᠨᠢ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠯᠠᠪᠠᠢ ᠣᠷᠳᠣᠨ ᠤ ᠬᠥᠮᠦᠨ ᠢ ᠬᠥᠮᠦᠵᠢᠭᠦᠯᠬᠦ ᠰᠣᠳᠣᠨ ᠲᠦᠷᠦᠯ ᠵᠦᠢᠯ ᠢ ᠪᠠᠶᠢᠭᠤᠯᠵᠤ᠂ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠬᠤᠪᠢᠰᠬᠠᠯ ᠤᠨ ᠬᠥᠮᠦᠵᠢᠯ᠂ ᠦᠢᠯᠡᠳᠦᠯᠭᠡ ᠶᠢᠨ ᠬᠥᠮᠦᠵᠢᠯ ᠵᠡᠷᠭᠡ ᠠᠭᠤᠯᠭ᠎ᠠ ᠶᠢ ᠣᠷᠭᠠᠨᠢᠭ ᠢᠶᠠᠷ ᠠᠭᠤᠰᠤᠯᠴᠠᠭᠤᠯᠵᠤ᠂ ᠰᠤᠷᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠵᠤᠵᠠᠭᠠᠳᠬᠠᠵᠤ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠬᠤ ᠬᠡᠷᠡᠭᠲᠡᠢ᠃ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠲᠡᠷᠢᠭᠦᠨ ᠤ ᠲᠠᠷᠢᠮᠠᠯ ᠤᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠤᠷᠰᠢᠯᠭ᠎ᠠ ᠶᠢ ᠢᠳᠡᠪᠬᠢᠲᠡᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠵᠦ᠂ ᠲᠤᠰ ᠭᠠᠵᠠᠷ ᠣᠷᠣᠨ ᠤ ᠲᠦᠷᠦᠯ ᠲᠡᠮᠳᠡᠭ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠬᠦᠭᠡᠷᠦᠮᠵᠢᠲᠦ ᠲᠠᠷᠢᠶᠠᠯᠠᠩ ᠢ ᠨᠡᠩ ᠴᠢᠨᠠᠷ ᠰᠠᠶᠢᠲᠠᠢ᠂ ᠨᠡᠩ ᠥᠨᠳᠥᠷ ᠦᠷ᠎ᠡ ᠠᠰᠢᠭ ᠲᠠᠢ ᠴᠢᠭᠯᠡᠯ ᠢᠶᠠᠷ ᠬᠥᠭᠵᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠰᠢᠤᠢ ᠯᠢ ᠵᠢᠶᠦ᠋ᠨ ᠪᠠᠰᠠ ᠳ᠋ᠠ ᠪᠧᠢ ᠬᠠᠢ ᠬᠠᠰᠢᠯᠭ᠎ᠠ ᠳᠤ ᠭᠦᠨᠵᠡᠭᠡᠶᠢᠷᠡᠨ ᠭᠤᠤᠯ ᠴᠠᠭᠳᠠᠬᠤ ᠠᠵᠢᠯ ᠢ ᠥᠷᠨᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠪᠣᠷᠣᠭᠠᠨ ᠤ ᠪᠠᠶᠢᠳᠠᠯ ᠤᠰᠤᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠬᠤᠩᠭᠢᠯ ᠢ ᠴᠡᠪᠡᠷᠯᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠭᠤᠤᠯ ᠤᠨ ᠵᠠᠮ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠦ ᠱᠠᠭᠠᠷᠳᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1