ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠲᠣᠭᠤᠷᠢᠭ ᠤᠨ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠠᠴᠠ ᠬᠠᠮᠵᠢᠯᠴᠠᠨ ᠡᠷᠭᠢᠯᠡᠭᠰᠡᠨ ᠶᠤᠸᠠᠨ ᠪᠦᠦ ᠱᠠᠨ | ᠲᠣᠭᠤᠷᠢᠭ ᠤᠨ ︽ᠤᠯᠠᠭᠠᠨ ᠠᠨᠠᠷ ᠬᠤᠨᠳᠠᠭᠠᠲᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠶᠠᠷᠢᠶ᠎ᠠ ᠢᠯᠡᠳᠬᠡᠯ ᠤᠨ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠡᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠯᠤᠸᠠᠨ ᠶᠦᠨ ᠾᠧ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠤ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠴᠢᠶᠦ᠋ᠨ᠂ | ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠯᠢᠩ ᠶᠠᠨ ᠠᠵᠢᠯᠯᠠᠭ᠎ᠠ ᠳᠤ | ᠣᠷᠣᠯᠴᠠᠪᠠ᠃ | | | | | | ᠲᠦᠷᠦᠭᠦᠤ ᠨᠢᠭᠡ ᠱᠠᠲᠤᠨ ᠤ ᠳᠠᠬᠢᠨ ᠤᠷᠤᠯᠳᠤᠬᠤ ᠪᠠᠷ ᠳᠡᠮᠵᠢᠨ᠂ ᠨᠡᠶᠢᠲᠡ 31 ᠬᠥᠮᠦᠨ ᠲᠣᠰ ᠤᠳᠠᠭᠠᠨ ᠤ | ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠣᠵᠤ᠂ ᠡᠭᠦᠨ ᠳᠤ ᠰᠣᠷᠣᠭᠴᠢ ᠶᠢᠨ ᠳᠤᠭᠤᠶᠢᠯᠠᠩ ᠠᠴᠠ | 15 ᠬᠥᠮᠦᠨ᠂ ᠨᠠᠰᠤᠨ ᠳᠤ ᠬᠦᠷᠦᠭᠰᠡᠳ ᠤᠨ ᠳᠤᠭᠤᠶᠢᠯᠠᠩ ᠠᠴᠠ 16 ᠬᠥᠮᠦᠨ ᠪᠣᠶ᠃ ᠤᠷᠤᠯᠳᠤᠭᠠᠨ ᠤ | ᠲᠤᠬᠠᠶ ᠶᠢᠨ ᠲᠠᠯᠠᠪᠤᠷ ᠲᠤ᠂ ᠤᠷᠤᠯᠳᠤᠭᠠᠨ ᠳᠤ ᠣᠷᠤᠯᠴᠠᠭᠴᠢᠳ ᠴᠤᠭ ᠵᠢᠪᠬᠤᠭ᠎ᠠ ᠪᠠᠳᠠᠷᠠᠩᠭᠤᠶ ᠪᠠᠶᠢᠵᠤ᠂ | ᠠᠮᠢᠳᠤᠯᠢᠭ ᠦᠭᠡ ᠬᠡᠯᠡ ᠪᠠ ᠴᠢᠩ ᠦᠨᠡᠨᠴᠢ ᠰᠡᠳᠬᠢᠯᠭᠡ ᠪᠠᠷ ᠲᠣᠰ ᠪᠡᠶ᠎ᠡ ᠶᠢᠨ ᠥᠩᠭᠡᠷᠡᠯᠲᠡ ᠲᠠᠢ ᠪᠠᠨ | ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠲᠤᠬᠠᠶ ᠲᠠᠨᠢᠯᠲᠠ ᠪᠠ ᠣᠶᠢᠯᠠᠭᠠᠯᠲᠠ ᠵᠢᠴᠢ ᠦᠨᠳᠦᠰᠦᠲᠡᠨ ᠨᠦᠭᠦᠳ ᠬᠤᠭᠤᠷᠤᠨᠳᠤ ᠪᠠᠨ ᠪᠦᠯᠬᠦᠮᠳᠡᠨ ᠨᠢᠭᠡᠳᠴᠦ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠥᠳᠡᠯᠭᠡᠮ᠎ᠡ ᠥᠯᠢᠭᠡᠷ ᠢ ᠶᠠᠷᠢᠪᠠ᠃ ᠤᠷᠤᠯᠳᠤᠭᠠᠨ ᠳᠤ | ᠣᠷᠤᠯᠴᠠᠭᠴᠢᠳ ᠤᠨ ᠰᠡᠳᠬᠢᠯ ᠬᠥᠳᠡᠯᠭᠡᠮ᠎ᠡ ᠶᠠᠷᠢᠶ᠎ᠠ ᠢᠯᠡᠳᠬᠡᠯ ᠳᠤᠮᠳᠠ᠂ ᠳᠤᠮᠳᠠᠳᠤ ᠶᠢᠨ ᠲᠠᠪᠤᠨ ᠮᠢᠩᠭᠠᠨ | ᠵᠢᠯ ᠤᠨ ᠲᠤᠷᠰᠢᠬᠢ ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠤᠨ ᠠᠤᠭ᠎ᠠ ᠶᠡᠭᠡ | ᠬᠠᠭᠤᠳᠠᠰᠤ ᠶᠢ ᠪᠠᠭᠲᠠᠭᠠᠭᠰᠠᠨ ᠪᠥᠭᠡᠳ ᠪᠠᠰᠠ ᠳᠡᠷᠭᠡᠳᠡᠬᠢ ᠵᠢᠵᠢᠭ ᠦᠯᠢᠭᠡᠷ ᠤᠨ ᠦᠨᠡᠨ ᠰᠡᠳᠬᠢᠯᠭᠡ ᠢᠯᠡᠷᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ | ᠠᠭᠤᠯᠤᠭᠳᠠᠬᠤᠨ ᠪᠠ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠶᠢᠯᠪᠤᠷᠢᠯᠠᠵᠤ᠂ ᠲᠠᠶᠢᠰᠠᠨ ᠳᠣᠣᠷᠠᠬᠢ | ᠰᠢᠯᠭᠠᠷᠠᠭᠤᠯᠬᠤ ᠺᠣᠮᠢᠰ ᠪᠠ ᠦᠵᠡᠭᠴᠢᠳ ᠲᠠᠰᠤᠷᠠᠯᠲᠠ ᠦᠭᠡᠢ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠲᠣᠰ | ᠤᠳᠠᠭᠠᠨ ᠤ ᠤᠷᠤᠯᠳᠤᠭᠠᠨ ᠨᠢ ︽ᠶᠤᠸᠠᠨ ᠪᠦᠦ ᠱᠠᠨ ᠤ ᠬᠠᠮ ᠵᠠᠭᠤᠴᠢᠯᠠᠭᠤᠷ︾ ᠤᠨ ᠸᠢᠴᠠᠲ ᠤᠨ ᠵᠢᠵᠢᠭ ᠫᠷᠤᠭ᠍ᠷᠠᠮ | ᠳᠡᠭᠡᠷ᠎ᠡ ᠵᠡᠷᠭᠡ ᠪᠠᠷ ᠰᠢᠭᠤᠳ ᠨᠡᠪᠲᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ 1500 | ᠰᠢᠬᠠᠮ ᠦᠵᠡᠭᠴᠢᠳ ᠰᠣᠨᠢᠷᠬᠠᠪᠠ᠃ ᠤᠷᠤᠯᠳᠤᠭᠠᠨ ᠤ ᠡᠴᠦᠰ ᠲᠤ ᠨᠠᠰᠤᠨ ᠳᠤ ᠬᠦᠷᠦᠭᠰᠡᠳ ᠤᠨ ᠳᠤᠭᠤᠶᠢᠯᠠᠩ ᠪᠠ | ᠰᠤᠷᠤᠭᠴᠢ ᠶᠢᠨ ᠳᠤᠭᠤᠶᠢᠯᠠᠩ ᠤᠨ ᠳᠣᠲᠣᠷ᠎ᠠ ᠠᠴᠠ ᠲᠣᠰ ᠲᠣᠰ ᠣᠨᠴᠠ ᠳᠡᠰ ᠤᠨ ᠱᠠᠩᠨᠠᠯ 1 ᠨᠡᠷ᠎ᠡ᠂ ᠨᠢᠭᠡᠳᠦᠭᠡᠷ | ᠳᠡᠰ ᠤᠨ ᠱᠠᠩᠨᠠᠯ 2 ᠨᠡᠷᠡᠰ᠂ ᠬᠤᠶᠠᠳᠤᠭᠠᠷ ᠳᠡᠰ ᠤᠨ ᠱᠠᠩᠨᠠᠯ 3 ᠨᠡᠷᠡᠰ᠂ ᠭᠤᠷᠪᠠᠳᠤᠭᠠᠷ ᠳᠡᠰ ᠤᠨ ᠱᠠᠩᠨᠠᠯ 4 | ᠨᠡᠷᠡᠰ᠂ ᠰᠢᠯᠢᠳᠡᠭ ᠱᠠᠩᠨᠠᠯ ᠡᠳᠦᠶ ᠲᠡᠳᠦᠶ ᠨᠡᠷᠡᠰ ᠰᠢᠯᠭᠠᠷᠠᠭᠤᠯᠪᠠ᠃ | ᠲᠤᠰ ᠤᠳᠠᠭᠠᠨ ᠤ ᠶᠠᠷᠢᠶ᠎ᠠ ᠢᠯᠡᠳᠬᠡᠯ ᠤᠨ ᠤᠷᠤᠯᠳᠤᠭᠠᠨ ᠨᠢ ᠪᠦᠬᠦ ᠲᠤᠭᠤᠷᠢᠭ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠥᠪᠡᠷ ᠢ ᠪᠠᠨ ᠳᠡᠯᠭᠡᠨ ᠦᠵᠡᠭᠦᠯᠬᠦ᠂ ᠬᠠᠶᠢᠷ᠎ᠠ ᠰᠡᠳᠬᠢᠯᠭᠡ ᠪᠠᠨ | ᠢᠯᠡᠳᠬᠡᠬᠦ ᠤᠷᠤᠯᠳᠤᠭᠠᠨ ᠤ ᠲᠠᠪᠴᠠᠩ ᠬᠠᠩᠭᠠᠵᠤ᠂ ᠮᠠᠨ ᠤ ᠲᠤᠭᠤᠷᠢᠭ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠦᠷ᠎ᠡ ᠪᠦᠲᠦᠭᠡᠯ ᠢ | ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ ᠵᠠᠯᠭᠠᠭᠠᠳ᠂ ᠶᠤᠸᠠᠨ ᠪᠦᠦ ᠱᠠᠨ ᠲᠣᠭᠤᠷᠢᠭ ᠨᠢ ︽ | ᠴᠡᠴᠡᠭ ᠳᠡᠯᠭᠡᠷᠡᠭᠰᠡᠨ ᠪᠣᠣᠱᠠᠨ ᠳᠤ ᠠᠨᠠᠷ ᠤᠯᠠᠭᠠᠨ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠨᠠᠷᠠᠲᠤ ᠲᠡᠮᠳᠡᠭᠲᠦ ᠶᠢ ᠦᠷᠭᠦᠯᠵᠢᠯᠡᠨ ᠪᠦᠲᠦᠭᠡᠨ | ᠪᠠᠶᠢᠭᠤᠯᠵᠤ᠂ ︽ᠴᠡᠴᠡᠭ ᠳᠡᠯᠭᠡᠷᠡᠭᠰᠡᠨ ᠪᠣᠣᠱᠠᠨ ᠳᠤ ᠠᠨᠠᠷ ᠤᠯᠠᠭᠠᠨ︾ ᠢ ᠤᠮᠠᠷᠠᠲᠤ ᠬᠢᠯᠢ ᠶᠢᠨ ᠦᠨᠳᠦᠰᠦᠲᠡᠨ ᠤ | ᠪᠦᠯᠬᠦᠮᠳᠡᠯ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠨ᠎ᠠ᠃ | |