ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠠᠶᠢᠴᠠᠭᠠᠨ | ᠰᠤᠳᠤᠯᠬᠤ ᠳᠤᠭᠤᠶᠢᠯᠠᠩ ︽ᠮᠢᠩᠭᠠᠨ ᠰᠢᠶᠠᠨ ᠤ ᠮᠢᠩᠭᠠᠨ ᠬᠤᠷᠰᠢᠶ᠎ᠠ ᠶᠢ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ︾ | ᠵᠡᠷᠭᠡ ᠲᠠᠷᠢᠶᠠᠯᠠᠩ ᠳᠤ ᠦᠢᠯᠡᠴᠢᠯᠡᠬᠦ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠶᠤᠸᠠᠨ ᠪᠦᠦ ᠱᠠᠨ | ᠲᠣᠭᠤᠷᠢᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠶᠤᠸᠠᠨ ᠪᠦᠦ ᠱᠠᠨ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢ ᠽᠦᠩ ᠮᠧᠩ ᠪᠣᠯᠤᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠯᠪᠣᠭᠠᠲᠤ | ᠬᠤᠷᠰᠢᠶᠠᠨ ᠤ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | ᠪᠠᠶᠢᠴᠠᠭᠠᠨ ᠰᠣᠳᠣᠯᠬᠤ ᠲᠣᠭᠤᠶᠢᠯᠡᠩ ᠤᠨ ᠪᠦᠷᠢᠯᠳᠣᠬᠦᠨ ᠲᠣᠬᠠᠢ ᠶᠢᠨ ᠭᠠᠵᠠᠷ ᠲᠤᠨᠢ ᠰᠣᠷᠪᠤᠯᠵᠢᠯᠠᠬᠤ᠂ | ᠶᠠᠷᠢᠯᠴᠠᠬᠤ ᠬᠤᠷᠡᠯ ᠬᠢᠬᠦ ᠵᠡᠷᠭᠡ ᠭᠡᠯᠪᠡᠷᠢ ᠪᠠᠷ ᠦᠨᠳᠣᠰᠣᠡ ᠱᠠᠳᠣᠨ ᠤ ᠬᠤᠷᠰᠢᠶᠠᠨ ᠤ ᠪᠥᠲᠥᠭᠡᠨ ᠪᠠᠶᠢᠭᠤᠯᠥᠯᠳᠡ᠂ | ᠬᠠᠩᠭᠠᠨ ᠪᠤᠷᠣᠯᠠᠭᠤᠯᠬᠤ ᠬᠤᠷᠰᠢᠶᠠᠨ ᠤ ᠠᠵᠦ ᠠᠬᠤᠢ ᠶᠢᠨ ᠵᠤᠬᠢᠶᠡᠨ ᠪᠠᠶᠢᠭᠤᠯᠥᠯᠳᠡ ᠶᠢᠨ ᠬᠦᠭᠵᠢᠯᠳᠡ ᠶᠢᠨ | ᠪᠠᠶᠢᠳᠡᠯ ᠢ ᠬᠦᠨᠵᠡᠭᠡᠢ ᠣᠶᠢᠯᠠᠭᠠᠵᠦ᠂ ᠬᠠᠩᠭᠠᠨ ᠪᠤᠷᠣᠯᠠᠭᠤᠯᠬᠤ ᠬᠤᠷᠰᠢᠶᠠᠨ ᠤ ᠬᠦᠳᠡᠭᠡ ᠲᠣᠰᠬᠤᠨ ᠢ ᠬᠦᠭᠵᠢᠬᠦᠯᠥᠨ | ᠮᠠᠨᠳᠣᠭᠤᠯᠬᠤ᠂ ᠳᠡᠷᠢᠶᠡᠯᠡᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠡᠪᠦᠷᠢ ᠶᠢ ᠳᠡᠭᠡᠭᠰᠢᠯᠡᠬᠦᠯᠬᠦ ᠪᠠ ᠲᠣᠰᠬᠠᠢ | ᠰᠠᠭᠤᠷᠢ ᠮᠦᠡᠭᠬᠦ ᠶᠢ ᠨᠡᠶᠢᠳᠡᠪᠦᠷᠢᠵᠢᠭᠤᠯᠥᠨ ᠭᠡᠷᠡᠭᠯᠡᠭᠰᠡᠨ ᠪᠠᠶᠢᠳᠡᠯ ᠳᠤ ᠵᠠᠳᠠᠯᠥᠯᠳᠡ ᠪᠠ ᠵᠢᠯᠥᠭᠤᠳᠣᠯᠭ᠎ᠠ ᠬᠢᠪᠡ᠃ | ᠬᠤᠢ ᠷᠦᠨ ᠶᠤᠸᠠᠨ ᠪᠦᠦ ᠱᠠᠨ ᠬᠠᠩᠭᠠᠨ ᠪᠣᠷᠣᠯᠠᠭᠤᠯᠬᠤ ᠬᠤᠷᠰᠢᠶᠠᠨ ᠳᠤ ᠵᠣᠬᠢᠶᠠᠨ ᠪᠠᠶᠢᠭᠤᠯᠵᠤ | ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ | ᠨᠡᠶᠢᠭᠡᠮᠴᠢᠯᠡᠭᠰᠡᠨ ᠦᠢᠯᠡᠴᠢᠯᠡᠭᠡ᠂ ᠬᠠᠮᠲᠤᠷᠠᠯᠴᠠᠨ ᠬᠥᠭᠵᠢᠬᠦ ᠰᠠᠭᠤᠷᠢ ᠮᠥᠩᠭᠦ᠂ ᠲᠦᠷᠦᠯ ᠲᠡᠮᠳᠡᠭ ᠤᠨ | ᠪᠠᠶᠢᠭᠤᠯᠤᠯᠲᠠ ᠵᠢᠴᠢ ᠢᠲᠡᠭᠡᠮᠵᠢ ᠶᠢᠨ ᠬᠠᠮᠲᠤᠷᠠᠯᠴᠠᠭᠠᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ | ᠵᠠᠩᠭᠢᠯᠠᠭ᠎ᠠ ᠶᠢᠨ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠤᠯᠪᠣᠭᠳᠠᠯ ᠪᠦᠬᠦᠢ ᠬᠥᠮᠦᠰ ᠲᠠᠢ ᠰᠠᠨᠠᠯ ᠢᠶᠠᠨ | ᠭᠦᠨᠵᠡᠭᠡᠢ ᠰᠣᠯᠢᠯᠴᠠᠬᠤ ᠶᠢᠨ ᠬᠠᠮᠲᠤ ᠪᠡᠯᠡ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠵᠡᠷᠭᠡ ᠠᠰᠠᠭᠤᠳᠠᠯ ᠳᠤ | ᠴᠢᠭᠯᠡᠭᠦᠯᠦᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠨᠢ ᠲᠠᠷᠢᠶᠠᠯᠠᠩ ᠳᠤ ᠦᠢᠯᠡᠴᠢᠯᠡᠬᠦ ᠰᠢᠰᠲ᠋ᠧᠮ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠰᠠᠭᠤᠷᠢ ᠮᠥᠩᠭᠦ ᠶᠢᠨ ᠬᠡᠷᠡᠭᠯᠡᠯᠲᠡ ᠶᠢ ᠵᠢᠷᠤᠮᠵᠢᠭᠤᠯᠤᠨ᠂ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠪᠠ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ ᠰᠡᠳᠬᠢᠴᠡ ᠪᠠ | ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠠᠩᠭᠠᠨ ᠪᠣᠷᠣᠯᠠᠭᠤᠯᠬᠤ ᠬᠤᠷᠰᠢᠶᠠᠨ ᠤ ︽ᠬᠥᠳᠡᠭᠡ ᠠᠵᠤ ᠠᠬᠤᠶ | ᠬᠥᠳᠡᠭᠡ ᠲᠣᠰᠬᠤᠨ ᠲᠠᠷᠢᠶᠠᠴᠢᠨ︾ ᠳᠤ ᠥᠢᠯᠡᠴᠢᠯᠡᠬᠦ ᠳᠤᠮᠳᠠ ᠪᠠᠲᠤ ᠪᠠᠬᠢ ᠦᠢᠯᠡᠳᠦᠯ ᠦᠵᠡᠭᠦᠯᠬᠦ ᠳᠤ ᠬᠦᠴᠦᠨ | ᠨᠡᠮᠡᠷᠢᠯᠡᠪᠡ᠃ | |