ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 30᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠰᠠᠬᠢᠯᠭ᠎ᠠ ᠪᠠᠲᠤ ᠣᠪᠣᠷ ᠰᠤᠷᠲᠠᠯ ᠤᠨ ᠨᠠᠮ ᠤᠨ ᠬᠢᠴᠢᠶᠡᠯ ᠣᠷᠣᠪᠠ᠃    ᠳᠥᠷᠪᠡᠨ ᠶᠡᠭᠡ ᠤᠳᠤᠷᠢᠳᠬᠤ ᠪᠠᠭ ᠤᠨ ᠭᠡᠷ ᠲᠤ ᠪᠠᠨ ᠪᠠᠶᠢᠭ᠎ᠠ ᠤᠳᠤᠷᠢᠳᠤᠯᠭ᠎ᠠ᠂ ᠲᠣᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠬᠤᠶᠠᠷ ᠳᠠᠷᠤᠭ᠎ᠠ ᠬᠤᠷᠠᠯ ᠳᠤ ᠣᠷᠣᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠠᠢ ᠶᠠᠩ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃    ᠰᠢᠤᠢ ᠯᠢ ᠵᠢᠶᠦ᠋ᠨ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ ᠠᠯᠢ ᠤᠯᠠᠨ ᠴᠢᠬᠤᠯᠠ ᠥᠭᠦᠯᠡᠯᠲᠡ ᠨᠡᠶᠢᠲᠡᠯᠡᠵᠦ᠂ ᠪᠢᠳᠡᠨ ᠤ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠭᠰᠠᠨ ᠪᠥᠭᠡᠳ ᠪᠢᠳᠡᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠲᠣᠭᠤᠷᠢᠭ ᠳᠠᠶᠠᠭᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠪᠦᠬᠦ ᠲᠤᠭᠤᠷᠢᠭ ᠤᠨ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ ᠭᠡᠵᠡᠢ᠃    ᠰᠢᠤᠢ ᠯᠢ ᠵᠢᠶᠦ᠋ᠨ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠬᠡᠷᠡᠭ ᠢᠶᠠᠷ ᠲᠣᠯᠢ ᠪᠣᠯᠭᠠᠵᠤ᠂ ᠲᠣᠰ ᠪᠡᠶ᠎ᠡ ᠪᠠᠨ ᠪᠦᠬᠦ ᠲᠠᠯ᠎ᠠ ᠪᠠᠷ ᠬᠠᠷᠢᠴᠠᠭᠤᠯᠤᠨ ᠪᠠᠶᠢᠴᠠᠭᠠᠵᠤ᠂ ᠭᠦᠨᠵᠡᠭᠡᠶ ᠰᠤᠷᠭᠠᠮᠵᠢ ᠠᠪᠴᠤ᠂ ᠦᠵᠡᠯ ᠰᠠᠨᠠᠭᠠᠨ ᠤ ᠲᠠᠯ᠎ᠠ ᠪᠠᠷ ᠬᠥᠷᠲᠡᠮᠵᠢ ᠣᠯᠤᠨ᠂ ᠲᠠᠨᠢᠯᠲᠠ ᠶᠢᠨ ᠲᠠᠯ᠎ᠠ ᠪᠠᠷ ᠳᠡᠭᠡᠭᠰᠢᠯᠡᠬᠦ ᠶᠢ ᠪᠠᠲᠤᠯᠠᠵᠤ᠂ ᠡᠭᠦᠨ ᠤ ᠤᠯᠠᠮ ᠠᠴᠠ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠳᠦᠷᠢᠮ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠣᠰᠬᠠᠬᠤ ᠳᠣᠲᠣᠭᠠᠳᠤ ᠬᠥᠳᠡᠯᠭᠡᠬᠦ ᠬᠦᠴᠦᠨ ᠢᠶᠠᠨ ᠬᠥᠭᠵᠢᠭᠡᠬᠦ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ︽ᠠᠷᠠᠳ ᠤᠨ ᠰᠡᠳᠬᠢᠯ ᠪᠣᠯ ᠬᠠᠮᠤᠭ ᠤᠨ ᠶᠡᠭᠡ ᠤᠯᠤᠰ ᠲᠥᠷᠥ︾ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠬᠠᠶᠢᠷ᠎ᠠ ᠰᠡᠳᠬᠢᠯᠭᠡ ᠪᠠᠨ ᠠᠷᠠᠳ ᠲᠦᠮᠡᠨ ᠲᠠᠢ ᠬᠤᠯᠪᠣᠬᠤ᠂ ᠡᠷᠬᠡ ᠪᠠᠨ ᠠᠷᠠᠳ ᠤᠨ ᠲᠥᠯᠥᠭᠡ ᠬᠡᠷᠡᠭᠯᠡᠬᠦ᠂ ᠠᠰᠢᠭ ᠲᠤᠰᠠ ᠶᠢ ᠠᠷᠠᠳ ᠲᠤ ᠣᠯᠭᠤᠬᠤ ᠶᠢ ᠦᠨᠡᠨ ᠬᠦ ᠪᠡᠶᠡᠯᠡᠭᠦᠯᠵᠦ᠂ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠺᠠᠳ᠋ᠷ ᠤᠨ ︽ᠬᠠᠷᠢᠭᠤᠴᠠᠯᠭ᠎ᠠ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠠᠵᠢᠯᠯᠠᠭ᠎ᠠ ᠶᠢᠨ ᠡᠷᠴᠢᠮ ᠢᠶᠠᠷ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠴᠢᠩᠭ᠎ᠠ ᠱᠠᠭᠠᠷᠳᠠᠯᠭ᠎ᠠ ᠶᠢ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠠᠵᠢᠯ ᠳᠤ ᠢᠮᠠᠭᠲᠠ ᠲᠤᠭᠤᠰᠢᠯᠠᠭᠤᠯᠵᠤ᠂ ᠰᠤᠷᠲᠠᠯ ᠢᠯᠵᠢᠷᠠᠯ ᠢ ᠵᠡᠷᠭᠡᠪᠡᠷ ᠪᠠᠶᠢᠴᠠᠭᠠᠨ ᠵᠡᠷᠭᠡᠪᠡᠷ ᠵᠠᠰᠠᠬᠤ ᠶᠢ ᠭᠦᠨᠵᠡᠭᠡᠢ ᠠᠬᠢᠭᠤᠯᠵᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾᠎ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠵᠤ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠦᠷᠭᠦᠯᠵᠢᠯᠡᠨ ᠬᠥᠭᠵᠢᠭᠡᠵᠦ᠂ ᠰᠢᠯᠢᠳᠡᠭ ᠰᠤᠷᠲᠠᠯ ᠢᠶᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃    ᠬᠤᠷᠠᠯ ᠳᠤ ᠣᠷᠣᠯᠴᠠᠭᠰᠠᠳ ᠬᠠᠮᠲᠤ ᠪᠠᠷ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1