ᠰᠢᠤᠢ ᠯᠢ ᠵᠢᠶᠦ᠋ᠨ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ 126 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ 8 ᠳ᠋ᠤᠭᠠᠷ ᠤᠳᠠᠭᠠᠨ ᠤ ᠬᠤᠷᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
    5 ᠰᠠᠷ᠎ᠠ ᠶᠢᠨ 30᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠤᠢ ᠯᠢ ᠵᠢᠶᠦ᠋ᠨ ᠶᠢᠰᠦᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ 126 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠬᠤᠷᠢᠶᠠᠨ ᠤ 8 ᠳ᠋ᠤᠭᠠᠷ ᠤᠳᠠᠭᠠᠨ ᠤ ᠬᠤᠷᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠲᠠᠰ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠠ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ᠂ ᠰᠦᠨ ᠱᠣᠤ ᠴᠧᠩ ᠨᠥᠬᠦᠷ ᠤᠨ ᠣᠶᠢᠷ᠎ᠠ ᠶᠢᠨ ᠬᠤᠭᠤᠴᠠᠭᠠᠨ ᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠣᠭᠲᠠᠭᠠᠭᠰᠠᠨ ᠭᠤᠣᠯᠳᠠᠯᠭ᠎ᠠ ᠲᠠᠢ ᠲᠥᠪᠯᠡᠷᠡᠭᠦᠯᠦᠨ ᠴᠡᠭᠴᠡᠯᠡᠨ ᠵᠠᠰᠠᠬᠤ ᠲᠦᠷᠦᠯ ᠵᠦᠢᠯ︾᠂ ︽ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶ᠎ᠠ ᠪᠠ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠠᠯᠴᠢᠯᠠᠭᠰᠠᠨ ᠨᠢ᠂ ᠪᠥᠬᠦ ᠲᠤᠭᠤᠷᠢᠭ ᠲᠠᠶᠠᠭᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠨᠠᠷᠢᠨ ᠬᠢᠨᠠᠮᠠᠭᠠᠶ ᠰᠤᠳᠤᠯᠵᠤ᠂ ᠮᠠᠨ ᠤ ᠲᠤᠭᠤᠷᠢᠭ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠪᠠᠶᠢᠳᠠᠯ ᠡᠭᠦᠷᠭᠡ ᠶᠢ ᠭᠦᠨᠵᠡᠭᠡᠶ ᠰᠤᠳᠤᠯᠤᠨ ᠮᠠᠭᠠᠳᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠶ ᠰᠠᠶᠢᠲᠤᠷ ᠥᠷᠨᠢᠭᠦᠯᠬᠦ ᠬᠡᠷᠡᠭᠲᠡᠶ᠃ ᠪᠢᠴᠢᠭ ᠮᠠᠲ᠋ᠧᠷᠢᠶᠠᠯ ᠪᠣᠯᠤᠨ ᠬᠤᠷᠠᠯ ᠬᠡᠳᠥ ᠠᠷᠪᠢᠳᠬᠤ᠂ ᠳᠡᠩᠳᠡᠭᠦᠦ ᠣᠷᠣ ᠮᠥᠷ ᠦᠯᠡᠳᠡᠭᠡᠬᠦ᠂ ᠡᠬᠡ ᠲᠠᠩᠰᠠ ᠬᠡᠲᠦ ᠠᠷᠪᠢᠨ᠂ ᠪᠠᠶᠢᠨ ᠳᠠᠬᠢᠨ ᠬᠦᠰᠦᠨᠦᠭᠳᠦ ᠲᠠᠭᠯᠠᠬᠤ ᠲᠤᠭ᠎ᠠ ᠪᠠᠷᠢᠮᠲᠠ ᠮᠡᠳᠡᠭᠦᠯᠬᠦ ᠵᠡᠷᠭᠡ ᠲᠣᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠵᠤ ᠂ ᠬᠦᠴᠢᠷ ᠠᠰᠠᠭᠤᠳᠠᠯ ᠪᠠ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠦᠨᠳᠦᠰᠦᠨ ᠠᠴᠠ ᠨᠢ ᠵᠠᠰᠠᠬᠤ ᠲᠡᠶᠢᠰᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠶ᠃ ᠨᠠᠮ ᠵᠠᠰᠠᠭ ᠤᠨ ᠠᠯᠪᠠᠯᠠᠬᠤ ᠰᠠᠯᠠᠭ᠎ᠠ ᠮᠥᠴᠢᠷ ᠤᠳ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠶ ᠲᠠᠨᠢᠵᠤ᠂ ︽ᠲᠠᠪᠤ ᠶᠢ ᠪᠠᠷᠢᠮᠲᠠᠯᠠᠬᠤ︾᠂ ︽ᠲᠦᠷᠭᠡᠨ ᠯᠠᠪᠳᠠᠭᠤᠨ ᠨᠠᠷᠢᠯᠢᠭ ᠣᠨᠣᠪᠴᠢᠲᠠᠶ ᠪᠣᠳᠠᠲᠠᠶ︾᠎ ᠶᠢ ︽ᠭᠤᠷᠪᠠ ᠳᠤ ᠦᠢᠯᠡᠴᠢᠯᠡᠬᠦ︾ ᠠᠵᠢᠯ ᠤᠨ ᠪᠥᠬᠦ ᠶᠠᠪᠤᠴᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠥᠪᠯᠡᠭᠴᠢ ᠬᠠᠪᠰᠤᠷᠤᠭᠴᠢ᠂ ᠰᠢᠮᠳᠠᠭᠤᠯᠤᠨ ᠪᠠᠶᠢᠴᠠᠭᠠᠬᠤ᠂ ᠥᠢᠯᠡᠴᠢᠯᠡᠭᠡᠨ ᠤ ᠪᠠᠲᠤᠯᠠᠭ᠎ᠠ ᠵᠡᠷᠭᠡ ᠡᠭᠦᠷᠭᠡ ᠴᠢᠳᠠᠪᠤᠷᠢ ᠪᠠᠨ ᠰᠠᠶᠢᠲᠤᠷ ᠪᠠᠳᠠᠷᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ ᠵᠥᠢᠯ ᠤᠨ ᠰᠢᠢᠳᠪᠥᠷᠢᠲᠥ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠤᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠵᠢᠯᠣᠭᠤᠳᠴᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠪᠣᠯᠤᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠤᠨ ᠪᠠᠴᠢᠮᠳᠠᠵᠤ ᠬᠥᠴᠢᠷᠳᠡᠵᠦ ᠵᠣᠪᠠᠨᠢᠵᠤ ᠬᠥᠰᠡᠵᠦ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠪᠰᠤᠷᠤᠨ ᠲᠡᠳᠬᠦᠵᠦ ᠲᠤᠰᠠᠯᠠᠬᠤ᠂ ᠡᠷᠬᠢᠨ ᠦᠵᠡᠵᠦ ᠲᠣᠬᠤᠨᠢᠭᠤᠯᠬᠤ ᠵᠡᠷᠭᠡ ᠠᠵᠢᠯ ᠢ ᠢᠳᠡᠪᠬᠢᠲᠡᠢ ᠥᠷᠨᠢᠭᠦᠯᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠡᠳᠡᠨ ᠤ ᠰᠡᠳᠬᠢᠯ ᠳᠤ ᠦᠨᠡᠨ ᠬᠦ ᠬᠦᠷᠭᠡᠬᠦ ᠬᠡᠷᠡᠭᠲᠡᠢ᠃ ᠪᠦᠬᠦ ᠬᠤᠳᠠ ᠶᠢᠨ ︽ᠠᠷᠪᠠᠨ ᠶᠡᠭᠡ ᠠᠵᠢᠯᠯᠠᠭ᠎ᠠ︾᠎ ᠶᠢᠨ ᠲᠣᠭᠤᠷᠢᠨ ᠳᠤ ᠵᠦᠷᠢᠶ᠎ᠡ ᠪᠠᠨ ᠡᠷᠢᠵᠦ᠂ ᠠᠰᠠᠭᠤᠳᠠᠯ ᠢ ᠪᠠᠶᠢᠴᠠᠭᠠᠵᠤ᠂ ᠰᠤᠷᠲᠠᠯ ᠢᠶᠠᠨ ᠵᠠᠯᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠭᠤᠣᠯ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠥᠪᠯᠡᠷᠡᠭᠦᠯᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠮᠤᠷ ᠲᠦᠪᠰᠢᠨ ᠤ ᠡᠨᠡᠬᠦ ︽ᠬᠥᠪᠴᠢ ︾᠎ ᠶᠢ ᠴᠠᠭ ᠢᠮᠠᠭᠲᠠ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠦᠷᠭᠦᠯᠵᠢᠯᠡᠨ ᠭᠦᠨᠵᠡᠭᠡᠢ ᠪᠠᠶᠢᠴᠠᠭᠠᠨ ᠰᠢᠢᠳᠪᠦᠷᠢᠯᠡᠵᠦ᠂ ᠠᠮᠤᠷ ᠲᠦᠪᠰᠢᠨ ᠤ ᠤᠯᠠᠭᠠᠨ ᠱᠤᠭᠤᠮ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1