︽ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠠᠮᠤᠷ ᠲᠦᠪᠰᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾᠎ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/6/3
    ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠶᠠᠪᠤᠴᠠ    ᠤᠯᠠᠭᠠᠨᠬᠠᠳᠠ ᠬᠤᠲᠠ ᠶᠢᠨ ᠵᠥᠩ ᠷᠠᠨ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠶᠤᠸᠠᠨ ᠪᠦᠦ ᠱᠠᠨ ᠲᠣᠭᠤᠷᠢᠭ ᠢᠶᠠᠷ ᠥᠩᠭᠡᠷᠡᠬᠦ ᠣᠷᠳᠣ ᠶᠢᠨ ᠬᠡᠮᠵᠢᠶ᠎ᠡ ᠨᠢ 56 ᠺᠢᠯᠤᠮᠧᠳ᠋ᠷ ᠪᠠᠶᠢᠵᠤ᠂ ᠰᠢᠲᠠᠮᠠᠬᠠᠶ ᠬᠡᠶ ᠶᠢᠨ ᠬᠤᠪᠢᠶᠠᠷᠢ ᠳᠠᠮᠵᠢᠭᠤᠯᠬᠤ ᠦᠷᠲᠡᠭᠡ 2 ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ︵ᠳᠣᠷᠣᠭᠰᠢ ᠬᠤᠭᠤᠯᠠᠶ ᠭᠡᠵᠦ ᠲᠣᠪᠴᠢᠯᠠᠨ᠎ᠠ︶᠎ ᠶᠢᠨ ᠠᠮᠤᠷ ᠲᠦᠪᠰᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠭᠤᠯᠠᠶ ᠶᠢᠨ ᠠᠮᠤᠷ ᠲᠦᠪᠰᠢᠨ ᠤ ᠠᠳᠡᠯ ᠢ ᠬᠠᠤᠯᠢ ᠶᠣᠰᠣᠭᠠᠷ᠂ ᠲᠦᠷᠭᠡᠨ᠂ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ ᠪᠠᠷ ᠠᠷᠭᠠᠴᠠᠭᠠᠵᠤ᠂ ᠬᠤᠭᠤᠯᠠᠶ ᠶᠢᠨ ᠠᠮᠤᠷ ᠲᠦᠪᠰᠢᠨ ᠤ ᠡ᠊ᠨᠳᠡᠯ ᠠᠴᠠ ᠪᠣᠯᠤᠭᠰᠠᠨ ᠨᠥᠯᠥᠭᠡ ᠪᠠ ᠬᠤᠬᠢᠷᠠᠯ ᠢ ᠪᠦᠲᠦᠮᠵᠢᠲᠡᠶ ᠡᠵᠡᠮᠳᠡᠬᠦ ᠪᠠ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ︽ᠪᠡᠯᠡᠳᠬᠡᠯ ᠲᠥᠰᠦᠯ︾᠎ ᠤᠨ ᠠᠩᠬᠠᠨ ᠤ ᠡᠬᠡ ᠨᠣᠤᠷᠠᠭ ᠢ ᠲᠤᠭᠤᠷᠪᠢᠪᠠ᠃ ᠠᠩᠬᠠᠨ ᠤ ᠡᠬᠡ ᠨᠣᠤᠷᠠᠭ ᠪᠦᠷᠢᠯᠳᠦᠭᠰᠡᠨ ᠤ ᠳᠠᠷᠠᠭ᠎ᠠ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠠᠩᠬᠠᠨ ᠤ ᠡᠬᠡ ᠨᠤᠤᠷᠠᠭ ᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠲᠣᠰ ︽ᠪᠡᠯᠡᠳᠬᠡᠯ ᠲᠥᠰᠦᠯ︾᠎ ᠢ ᠪᠣᠶ ᠪᠣᠯᠭᠠᠪᠠ᠃    ᠬᠤᠶᠠᠷ᠂ ᠭᠤᠣᠯ ᠠᠭᠤᠯᠭ᠎ᠠ    ︽ᠪᠡᠯᠡᠳᠬᠡᠯ ᠲᠥᠰᠦᠯ︾᠎ ᠨᠢ ᠨᠡᠶᠢᠲᠡ 7 ᠬᠡᠰᠡᠭ ᠪᠠᠶᠢᠵᠤ᠂ ᠲᠣᠰ ᠲᠣᠰ ᠶᠡᠷᠦᠩᠬᠡᠶ ᠲᠦᠷᠢᠮ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ᠂ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ᠂ ᠪᠠᠴᠢᠮ ᠪᠠᠶᠢᠳᠠᠯ ᠢ ᠠᠷᠭᠠᠴᠠᠭᠠᠬᠤ ᠳᠤᠰᠬᠠᠯ᠂ ᠰᠡᠭᠦᠯᠴᠢ ᠶᠢᠨ ᠬᠤᠭᠤᠴᠠᠭᠠᠨ ᠤ ᠰᠢᠢᠳᠪᠥᠷᠢᠯᠡᠯᠲᠡ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠪᠡᠯᠡᠳᠬᠡᠯ ᠲᠥᠰᠦᠯ ᠤᠨ ᠬᠠᠮᠢᠶᠠᠷᠤᠯᠲᠠ ᠵᠡᠷᠭᠡ 7 ᠲᠠᠯ᠎ᠠ ᠠᠴᠠ ᠲᠣᠳᠣᠷᠬᠠᠶᠢᠯᠠᠨ ᠥᠭᠦᠯᠡᠪᠡ᠃    ᠨᠢᠭᠡᠳᠦᠭᠡᠷ ᠬᠡᠰᠡᠭ ᠨᠢ ᠶᠡᠷᠦᠩᠬᠡᠢ ᠳᠦᠷᠢᠮ ᠪᠣᠯᠣᠨ᠎ᠠ᠃ ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ ᠠᠵᠢᠯ ᠤᠨ ᠵᠠᠷᠴᠢᠮ᠂ ᠲᠦᠭᠰᠢᠭᠦᠷᠢ ᠶᠢ ᠢᠯᠭᠠᠨ ᠲᠠᠨᠢᠵᠤ ᠦᠨᠡᠯᠡᠨ ᠵᠢᠱᠢᠬᠦ᠂ ᠡ᠊ᠨᠳᠡᠯ‌‍ᠯ ᠢ ᠲᠠᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮ ᠵᠡᠷᠭᠡ 7 ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃    ᠬᠤᠶᠠᠳᠤᠭᠠᠷ ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠬᠢᠭᠡᠳ ᠡᠭᠦᠷᠭᠡ ᠬᠠᠷᠢᠭᠤᠴᠠᠯᠭ᠎ᠠ ᠪᠣᠯᠣᠨ᠎ᠠ᠃ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠦᠶ᠎ᠡ ᠳᠤ᠂ ᠪᠠᠶᠢᠳᠠᠯ ᠢ ᠦᠨᠳᠦᠰᠦᠯᠡᠨ ᠶᠤᠸᠠᠨ ᠪᠦᠦ ᠱᠠᠨ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠣᠷᠳᠣ ᠳᠠᠮᠵᠢᠭᠤᠯᠬᠤ ᠬᠤᠭᠤᠯᠠᠶ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠭᠠᠵᠠᠷ ︵ᠳᠣᠷᠣᠭᠰᠢ ︽ᠶᠤᠸᠠᠨ ᠪᠦᠦ ᠱᠠᠨ ᠲᠣᠭᠤᠷᠢᠭ ᠤᠨ ᠵᠢᠯᠣᠭᠤᠳᠬᠤ ᠭᠠᠵᠠᠷ︾ ᠭᠡᠵᠦ ᠲᠣᠪᠴᠢᠯᠠᠨ᠎ᠠ︶᠎ ᠢ ᠪᠠᠶᠢᠭᠤᠯᠵᠤ᠂ ᠪᠦᠬᠦ ᠣᠷᠣᠨ ᠤ ᠪᠠᠶᠢᠭᠠᠯᠢ ᠶᠢᠨ ᠰᠢᠲᠠᠮᠠᠬᠠᠶ ᠬᠡᠢ ᠶᠢᠨ ᠣᠷᠳᠣ ᠳᠠᠮᠵᠢᠭᠤᠯᠬᠤ ᠬᠤᠭᠤᠯᠠᠶ ᠶᠢᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ᠎ᠠ᠃ ᠵᠢᠯᠣᠭᠤᠳᠬᠤ ᠭᠠᠵᠠᠷ ᠤᠨ ᠪᠦᠷᠢᠯᠳᠦᠬᠦᠨ ᠵᠢᠴᠢ ᠡᠯ᠎ᠡ ᠪᠥᠷᠢᠯᠳᠥᠭᠦᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃    ᠭᠤᠷᠪᠠᠳᠤᠭᠠᠷ ᠬᠡᠰᠡᠭ ᠨᠢ ᠤᠷᠢᠳᠴᠢᠯᠠᠨ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢᠨ ᠮᠡᠳᠡᠭᠦᠯᠦᠯᠲᠡ ᠪᠣᠯᠣᠨ᠎ᠠ᠃ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠂ ᠤᠷᠢᠳᠴᠢᠯᠠᠨ ᠰᠡᠷᠡᠮᠵᠢᠭᠦᠯᠥᠯ ᠤᠨ ᠬᠠᠷᠢᠭᠤ ᠳᠤᠰᠬᠠᠯ᠂ ᠤᠷᠢᠳᠴᠢᠯᠠᠨ ᠰᠡᠷᠡᠮᠵᠢᠭᠦᠯᠥᠯ ᠢ ᠬᠦᠴᠦᠨ ᠥᠬᠡᠶ ᠪᠣᠯᠭᠠᠬᠤ᠂ ᠮᠡᠳᠡᠭᠡ ᠵᠠᠩᠭᠢ ᠶᠢ ᠮᠡᠳᠡᠭᠦᠯᠬᠦ ᠵᠡᠷᠭᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠠᠵᠢᠯᠯᠠᠭᠠᠨ ᠤ ᠲᠣᠭᠲᠠᠴᠠ ᠶᠢ ᠲᠣᠳᠣᠷᠬᠠᠶᠢᠯᠠᠵᠤ᠂ ᠡ᠊ᠨᠳᠡᠯ ᠭᠠᠷᠤᠭᠰᠠᠨ ᠦᠶ᠎ᠡ ᠳᠤ ᠴᠠᠭ ᠲᠤᠬᠠᠶ ᠳᠤᠨᠢ᠂ ᠪᠦᠲᠦᠮᠵᠢᠲᠡᠶ᠂ ᠲᠣᠬᠢᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃    ᠳᠥᠷᠪᠡᠳᠦᠭᠡᠷ ᠬᠡᠰᠡᠭ ᠨᠢ ᠪᠠᠴᠢᠮ ᠪᠠᠶᠢᠳᠠᠯ ᠢ ᠠᠷᠭᠠᠴᠠᠭᠠᠬᠤ ᠳᠤᠰᠬᠠᠯ ᠪᠣᠯᠣᠨ᠎ᠠ᠃ ᠳᠤᠰᠬᠠᠯ ᠤᠨ ᠲᠠᠰ᠂ ᠳᠤᠰᠬᠠᠯ ᠤᠨ ᠲᠠᠰ ᠳᠠᠷᠠᠭᠠᠯᠠᠯ᠂ ᠲᠣᠭᠤᠷᠢᠭ ᠤᠨ ᠵᠠᠰᠠᠭ ᠤᠨ ᠣᠷᠳᠣᠨ ᠤ ᠲᠠᠰ ᠳᠠᠪᠬᠤᠷᠭ᠎ᠠ ᠠᠴᠠ ᠠᠷᠭᠠᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠳᠤᠰᠬᠠᠯ ᠢ ᠳᠠᠭᠤᠰᠬᠠᠬᠤ ᠵᠢᠴᠢ ᠲᠠᠷᠠᠭᠠᠴᠢ ᠶᠢᠨ ᠠᠵᠢᠯ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃    ᠲᠠᠪᠤᠳᠤᠭᠠᠷ ᠬᠡᠰᠡᠭ ᠨᠢ ᠰᠡᠭᠦᠯᠴᠢ ᠶᠢᠨ ᠬᠤᠭᠤᠴᠠᠭᠠᠨ ᠤ ᠰᠢᠢᠳᠪᠥᠷᠢᠯᠡᠯᠲᠡ ᠪᠣᠯᠤᠨ᠎ᠠ᠃ ᠰᠢᠢᠳᠪᠦᠷᠢᠯᠡᠵᠦ ᠦᠨᠡᠯᠡᠨ ᠵᠢᠱᠢᠬᠦ᠂ ᠬᠡᠷᠡᠭ ᠢ ᠪᠠᠶᠢᠴᠠᠭᠠᠬᠤ᠂ ᠬᠤᠶᠢᠨᠡᠬᠢ ᠶᠠᠪᠤᠳᠠᠯ ᠢ ᠰᠢᠢᠳᠪᠦᠷᠢᠯᠡᠬᠦ᠂ ᠰᠡᠷᠭᠦᠭᠡᠵᠦ ᠲᠠᠬᠢᠨ ᠪᠠᠶᠢᠭᠤᠯᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃    ᠵᠢᠷᠭᠤᠳᠤᠭᠠᠷ ᠬᠡᠰᠡᠭ ᠨᠢ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠪᠣᠯᠤᠨ᠎ᠠ᠃ ᠡᠭᠦᠨ ᠳᠤ ᠭᠤᠤᠯᠳᠠᠭᠤ ᠡᠩᠨᠡᠭᠡᠨ ᠤ ᠪᠠᠲᠤᠯᠠᠭ᠎ᠠ᠂ ᠡᠳ᠋ ᠪᠠᠷᠠᠭ᠎ᠠ ᠲᠥᠬᠦᠭᠡᠷᠥᠮᠵᠢ ᠲᠣᠨᠣᠭᠯᠠᠯ ᠤᠨ ᠪᠠᠲᠤᠯᠠᠭ᠎ᠠ᠂ ᠠᠮᠤᠷ ᠢ ᠬᠠᠮᠠᠭᠠᠯᠠᠬᠤ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠴᠢᠮᠡᠭᠡ ᠬᠤᠯᠪᠣᠭᠠᠨ ᠤ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠮᠡᠷᠭᠡᠵᠢᠯ ᠤᠨ ᠪᠠᠲᠤᠯᠠᠭ᠎ᠠ ᠵᠡᠷᠭᠡ ᠲᠠᠯ᠎ᠠ ᠶᠢᠨ ᠠᠵᠢᠯ ᠤᠨ ᠲᠣᠬᠢᠷᠠᠭᠤᠯᠤᠯᠲᠠ ᠪᠠᠭᠲᠠᠨ᠎ᠠ᠃    ᠳᠣᠯᠣᠳᠤᠭᠠᠷ ᠬᠡᠰᠡᠭ ᠨᠢ ᠪᠡᠯᠡᠳᠬᠡᠯ ᠲᠥᠰᠦᠯ ᠤᠨ ᠬᠠᠮᠢᠶᠠᠷᠤᠯᠲᠠ ᠪᠣᠯᠤᠨ᠎ᠠ᠃ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ ᠪᠣᠯᠤᠨ ᠰᠣᠷᠢᠯᠲᠠ ᠶᠢᠨ ᠱᠠᠭᠠᠷᠳᠠᠯᠭ᠎ᠠ ᠪᠠ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠲᠣᠳᠣᠷᠬᠠᠶᠢᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1